ᠬᠠᠷ᠎ᠠ ᠣᠷᠢᠶᠠᠩᠭᠤХар ороонго ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠠᠷ᠎ᠠ ᠣᠷᠢᠶᠠᠩᠭᠤХар ороонго

ᠬᠠᠷ᠎ᠠ ᠣᠷᠢᠶᠠᠩᠭᠤХар ороонго

2024-10-21

475

ᠬᠠᠷ᠎ᠠ ᠣᠷᠢᠶᠠᠩᠭᠤ

   ᠲᠤᠰ ᠡᠮ ᠪᠣᠯ ᠬᠥᠬᠡ ᠣᠷᠢᠶᠠᠩᠭᠤ ᠶ᠋ᠢᠨ ᠢᠵᠠᠭᠤᠷ ᠤ᠋ᠨ ᠤᠷᠭᠤᠮᠠᠯ ᠪᠣᠯᠬᠤ ᠬᠠᠷ᠎ᠠ ᠣᠷᠢᠶᠠᠩᠭᠤ ᠶ᠋ᠢᠨ ᠦᠨᠳᠦᠰᠦ ᠪᠠ ᠦᠨᠳᠦᠰᠦᠯᠢᠭ ᠡᠰᠢ ᠮᠥᠨ᠃ ᠪᠠᠰᠠ ᠪᠠᠭᠪᠠᠭᠠᠢ ᠣᠷᠢᠶᠠᠩᠭᠤ ᠭᠡᠳᠡᠭ᠃
[ ᠤᠤᠯ ᠤᠷᠭᠤᠮᠠᠯ]ᠣᠯᠠᠨ ᠨᠠᠰᠤᠲᠤ ᠲᠡᠩᠰᠡᠯᠢᠭ ᠤᠷᠭᠤᠮᠠᠯ᠃13m ᠤᠷᠲᠤ᠂ ᠦᠨᠳᠦᠰᠦᠯᠢᠭ ᠡᠰᠢ ᠨᠢ ᠨᠠᠷᠢᠨ ᠤᠷᠲᠤ᠂ ᠪᠥᠭᠡᠷᠡᠩᠬᠡᠢ ᠪᠠᠭᠠᠨ᠎ᠠ ᠬᠡᠯᠪᠡᠷᠢ ᠲᠡᠢ᠃ ᠡᠰᠢ ᠨᠢ ᠣᠷᠢᠶᠠᠵᠤ ᠤᠷᠭᠤᠨ᠎ᠠ᠂ ᠨᠠᠷᠢᠬᠠᠨ ᠭᠣᠣᠯᠲᠤ ᠢᠷᠮᠡᠭ ᠠᠷᠲᠠᠢ᠃ ᠳᠠᠩ ᠨᠠᠪᠴᠢ ᠲᠠᠢ᠂ ᠴᠤᠪᠤᠷᠠᠨ ᠤᠷᠭᠤᠨ᠎ᠠ᠂ ᠨᠠᠪᠴᠢᠨ ᠢᠯᠲᠠᠰᠤ ᠨᠢ ᠪᠥᠭᠡᠷᠡᠨ ᠬᠡᠯᠪᠡᠷᠢ ᠡᠴᠡ ᠵᠢᠷᠦᠬᠡᠨ ᠬᠡᠯᠪᠡᠷᠢ ᠲᠡᠢ᠂ ᠤᠷᠲᠤ ᠪᠠ ᠥᠷᠭᠡᠨ ᠨᠢ ᠪᠠᠷᠤᠭ 5 — 14cm᠂ ᠱᠣᠪᠬᠣ ᠪᠤᠶᠤ ᠣᠬᠣᠷ ᠱᠣᠪᠣᠭᠣᠷ ᠦᠵᠦᠭᠦᠷ ᠲᠡᠢ᠂ ᠵᠢᠷᠦᠬᠡᠨ ᠬᠡᠯᠪᠡᠷᠢᠲᠦ ᠪᠤᠶᠤ ᠲᠡᠭᠰᠢ ᠤᠭ ᠲᠠᠢ᠂ ᠬᠥᠪᠡᠭᠡ ᠪᠡᠷ ᠨᠢ 3—7 ᠭᠦᠢᠬᠡᠨ ᠣᠨᠢ ᠲᠠᠢ᠂ ᠰᠡᠵᠢᠭᠦᠷ ᠢᠯᠲᠠᠰᠤ ᠨᠢ ᠭᠤᠷᠪᠠᠯᠵᠢᠨ᠂ ᠠᠷᠤ ᠨᠢ ᠪᠤᠭᠤᠷᠤᠯ ᠴᠠᠭᠠᠨ ᠥᠩᠭᠡ ᠲᠡᠢ᠂ 5 —7 ᠠᠯᠠᠭᠠᠯᠢᠭ ᠰᠤᠳᠠᠯ ᠲᠠᠢ᠃ ᠨᠠᠪᠴᠢ ᠨᠢ ᠪᠠᠮᠪᠠᠢ ᠬᠡᠯᠪᠡᠷᠢ ᠪᠡᠷ ᠪᠠᠢᠷᠢᠯᠠᠨ᠎ᠠ᠃ ᠨᠠᠪᠴᠢᠨ ᠪᠠᠷᠢᠭᠤᠯ ᠨᠢ15cm ᠤᠷᠲᠤ᠂ ᠲᠣᠰᠬᠣᠭᠤᠷ ᠨᠠᠪᠴᠢ ᠦᠭᠡᠢ᠃ ᠴᠡᠴᠡᠭ ᠨᠢ ᠭᠠᠭᠴᠠᠭᠠᠷ ᠳᠡᠯᠭᠡᠷᠡᠨ᠎ᠡ᠃ ᠣᠨᠳᠣᠣ ᠭᠡᠷᠲᠡᠢ᠂ ᠰᠤᠭᠤ ᠠ᠋ᠴᠠ ᠳᠡᠯᠭᠡᠷᠡᠭᠰᠡᠨ ᠱᠣᠷᠣᠯᠵᠢᠨ ᠪᠠᠭ ᠴᠡᠴᠡᠭ ᠪᠣᠯᠳᠠᠭ᠃ ᠶᠡᠷᠦᠩᠬᠡᠢ ᠴᠡᠴᠡᠭ ᠦ᠋ᠨ ᠪᠠᠷᠢᠭᠤᠯ ᠨᠢ3—6cm ᠤᠷᠲᠤ᠂ ᠴᠡᠴᠡᠭ ᠦ᠋ᠨ ᠪᠠᠷᠢᠭᠤᠯ ᠨᠢ5—7mm᠂ ᠤᠭ ᠲᠤ ᠨᠢ ᠵᠢᠵᠢᠭ ᠪᠠᠭᠯᠠᠭᠴᠢ ᠲᠠᠢ᠃ ᠴᠡᠴᠡᠭ ᠨᠢ ᠵᠢᠵᠢᠭ ᠰᠢᠷᠠᠩᠭᠤᠢ ᠨᠣᠭᠣᠭᠠᠨ ᠪᠤᠶᠤ ᠴᠠᠭᠠᠨ ᠥᠩᠭᠡ ᠲᠡᠢ᠂ ᠲᠣᠭᠳᠣᠢ ᠪᠠ ᠴᠡᠴᠡᠭ ᠦ᠋ᠨ ᠳᠡᠯᠪᠢ ᠨᠢ ᠪᠠᠷᠤᠭ ᠪᠦᠷ 6᠂ ᠬᠣᠶᠠᠷ ᠮᠥᠷᠯᠡᠨ ᠵᠢᠭᠳᠡᠷᠡᠨ᠎ᠡ᠃ ᠲᠣᠭᠳᠣᠢ ᠢᠯᠲᠠᠰᠤ ᠨᠢ ᠬᠠᠪᠲᠠᠭᠠᠢ ᠲᠡᠪᠡᠨᠡ ᠬᠡᠯᠪᠡᠷᠢ ᠲᠡᠢ᠂ ᠴᠡᠴᠡᠭ ᠦ᠋ᠨ ᠳᠡᠯᠪᠢ ᠨᠢ ᠥᠨᠳᠡᠭᠡᠯᠵᠢᠨ ᠮᠢᠬᠠᠯᠢᠭ᠂ ᠬᠥᠪᠡᠭᠡ ᠨᠢ ᠬᠤᠮᠢᠷᠠᠨ᠎ᠠ᠃ ᠡᠷ᠎ᠡ ᠴᠡᠴᠡᠭ ᠦ᠋ᠨ ᠡᠷ᠎ᠡ ᠲᠣᠭᠣᠷᠴᠣᠭ ᠨᠢ10—16᠂ ᠲᠣᠭᠣᠰᠣᠪᠴᠢ ᠨᠢ ᠪᠥᠮᠪᠥᠭᠡᠯᠢᠭ᠂4 ᠲᠠᠰᠤᠭ ᠲᠠᠢ᠃ ᠡᠮ᠎ᠡ ᠴᠡᠴᠡᠭ ᠦ᠋ᠨ ᠳᠣᠷᠣᠢᠲᠠᠭᠰᠠᠨ ᠡᠷ᠎ᠡ ᠲᠣᠭᠣᠷᠴᠣᠭ ᠨᠢ6—12 ᠳᠡᠭᠡᠳᠦ ᠣᠷᠣᠨᠲᠤ ᠤᠮᠠᠢ ᠲᠠᠢ᠃ ᠶᠠᠰᠤᠲᠤ ᠵᠢᠮᠢᠰ ᠨᠢ ᠪᠥᠭᠡᠷᠡᠨ ᠬᠡᠯᠪᠡᠷᠢ ᠲᠡᠢ᠂ ᠪᠣᠯᠪᠠᠰᠤᠷᠠᠪᠠᠯ ᠬᠠᠷᠠᠪᠲᠤᠷ ᠪᠣᠷᠣ ᠪᠣᠯᠳᠠᠭ᠃6 ᠳ᠋ᠤᠭᠠᠷ ᠰᠠᠷ᠎ᠠ ᠳ᠋ᠤ᠌ ᠴᠡᠴᠡᠭᠯᠡᠵᠦ᠂8—9ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠪᠠ ᠲᠠᠷᠬᠠᠴᠠ] ᠠᠭᠤᠯᠠᠷᠬᠠᠭ ᠭᠠᠵᠠᠷ ᠤ᠋ᠨ ᠣᠢ ᠬᠥᠪᠡᠭᠡ᠂ ᠪᠤᠲᠠ ᠰᠥᠭᠡᠭ ᠭᠣᠣ ᠰᠤᠵᠠᠭ ᠪᠤᠶᠤ ᠬᠠᠳᠠᠨ ᠳᠡᠭᠡᠷ᠎ᠡ ᠣᠷᠢᠶᠠᠵᠤ ᠤᠷᠭᠤᠨ᠎ᠠ᠃ ᠵᠡᠭᠦᠨ ᠬᠣᠢᠲᠤ ᠣᠷᠣᠨ ᠂ ᠤᠮᠠᠷᠠᠲᠤ ᠣᠷᠣᠨ᠂ ᠵᠡᠭᠦᠨ ᠡᠮᠦᠨᠡᠲᠦ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠮᠠᠯᠲᠠᠨ ᠠᠪᠴᠤ ᠦᠯᠡᠳᠡᠭᠳᠡᠯ ᠡᠰᠢ ᠪᠠ ᠰᠠᠬᠠᠯ ᠦᠨᠳᠦᠰᠦ ᠶ᠋ᠢ ᠨᠢ ᠠᠷᠢᠯᠭᠠᠨ ᠬᠠᠶᠠᠵᠤ᠂ ᠤᠬᠢᠶᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
   [ ᠠᠮᠲᠠ ᠂ ᠴᠢᠨᠠᠷ᠂ ᠡᠷᠳᠡᠮ] ᠭᠠᠰᠢᠭᠤᠨ ᠠᠮᠲᠠ ᠲᠠᠢ᠂ ᠰᠡᠷᠢᠭᠦᠨ ᠴᠢᠨᠠᠷ ᠲᠠᠢ᠃
   [ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠰᠢᠷ᠎ᠠ ᠶ᠋ᠢ ᠳᠠᠷᠤᠬᠤ᠂ ᠤᠮᠳᠠᠭᠠᠰᠬᠤ ᠶ᠋ᠢ ᠵᠣᠭᠰᠣᠭᠠᠬᠤ᠂ ᠶᠠᠷ᠎ᠠ ᠰᠢᠷᠬ᠎ᠠ ᠶ᠋ᠢ ᠠᠨᠠᠭᠠᠬᠤ᠂ ᠰᠢᠷ᠎ᠠ ᠤᠰᠤ ᠶ᠋ᠢ ᠠᠷᠢᠯᠭᠠᠬᠤ ᠴᠢᠳᠠᠯ ᠲᠠᠢ᠃ ᠬᠠᠯᠠᠭᠤᠨ ᠰᠢᠷ᠎ᠠ ᠡᠪᠡᠳᠴᠢᠨ᠂ ᠤᠮᠳᠠᠭᠠᠰᠬᠤ᠂ ᠭᠠᠯ ᠨᠠᠮᠤᠰᠤ᠂ ᠬᠠᠯᠠᠭᠤᠨ ᠴᠢᠨᠠᠷ ᠲᠠᠢ᠂ ᠡᠷᠡᠬᠡᠭᠰᠡᠨ ᠰᠢᠷᠬ᠎ᠠ᠂ ᠠᠷᠠᠰᠤᠨ ᠳ᠋ᠤ᠌ ᠰᠢᠷ᠎ᠠ ᠤᠰᠤ ᠳᠡᠯᠭᠡᠷᠡᠭᠰᠡᠨ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄北豆根(蝙蝠葛)
   ᠠᠩᠭ᠌ᠯᠢ ᠨᠡᠷ᠎ᠡ᠄Menispermum dahuricum DC

   ᠦᠰᠦᠭ ᠠᠮᠢᠯᠠᠭᠤᠯᠤᠭᠴᠢ᠄ ᠡᠷᠳᠡᠨᠢ
   ᠬᠢᠨᠠᠭᠴᠢ᠄ ᠲᠤᠶᠠᠭ᠎ᠠ  ᠥᠯᠵᠡᠢᠪᠠᠭᠠᠲᠤᠷ