ᠪᠠᠷᠢᠮᠤᠭБаримуг
ᠪᠠᠷᠢᠮᠤᠭ
ᠲᠤᠰ ᠡᠮ ᠪᠣᠯ ᠪᠠᠷᠢᠮᠤᠭ ᠤ᠋ᠨ ᠢᠵᠠᠭᠤᠷ ᠤ᠋ᠨ ᠤᠷᠭᠤᠮᠠᠯ ᠪᠣᠯᠬᠤ ᠪᠠᠷᠢᠮᠤᠭ ᠪᠠ ᠰᠢᠨᠵᠢᠶᠠᠩ ᠪᠠᠷᠢᠮᠤᠭ ᠤ᠋ᠨ ᠬᠠᠲᠠᠭᠠᠭᠰᠠᠨ ᠦᠨᠳᠦᠰᠦ ᠮᠥᠨ᠃ ᠪᠠᠰᠠ ᠷᠢᠼᠥᠢ ᠭᠡᠳᠡᠭ᠃
[ ᠤᠤᠯ ᠤᠷᠭᠤᠮᠠᠯ]1᠂ ᠪᠠᠷᠢᠮᠤᠭ ᠣᠯᠠᠨ ᠨᠠᠰᠤᠲᠤ ᠡᠪᠡᠰᠦᠯᠢᠭ ᠤᠷᠭᠤᠮᠠᠯ᠃ 90cm ᠥᠨᠳᠥᠷ ᠰᠢᠯᠤᠭᠤᠨ ᠦᠨᠳᠦᠰᠦ ᠲᠡᠢ᠂ ᠪᠥᠭᠡᠷᠡᠩᠬᠡᠢ ᠪᠠᠭᠠᠨ᠎ᠠ ᠬᠡᠯᠪᠡᠷᠢ ᠲᠡᠢ᠂ ᠭᠠᠳᠠᠷ ᠬᠠᠯᠢᠰᠤ ᠨᠢ ᠪᠦᠳᠡᠭᠢ ᠤᠯᠠᠪᠤᠷ ᠪᠣᠷᠣ ᠥᠩᠭᠡ ᠲᠡᠢ᠃ ᠪᠦᠬᠦ ᠪᠡᠶ᠎ᠡ ᠳ᠋ᠦ᠍ᠨᠢ ᠪᠦᠳᠦᠭᠦᠨ ᠬᠠᠲᠠᠭᠤ ᠦᠰᠦ ᠲᠡᠢ᠃ ᠨᠠᠪᠴᠢ ᠨᠢ ᠴᠤᠪᠤᠷᠠᠨ ᠤᠷᠭᠤᠨ᠎ᠠ᠂ ᠪᠠᠷᠢᠭᠤᠯ ᠦᠭᠡᠢ᠂ ᠤᠷᠲᠤᠯᠵᠢᠨ ᠲᠣᠭᠣᠷᠢᠭ ᠰᠢᠭ᠋ ᠬᠠᠪᠲᠠᠭᠠᠢ ᠲᠡᠪᠡᠨᠡ ᠬᠡᠯᠪᠡᠷᠢ ᠲᠡᠢ᠂6cm ᠣᠷᠴᠢᠮ ᠤᠷᠲᠤ᠂1.3cm ᠣᠷᠴᠢᠮ ᠥᠷᠭᠡᠨ᠂ ᠱᠣᠪᠬᠣ ᠦᠵᠦᠭᠦᠷ ᠲᠡᠢ᠂
ᠴᠠᠴᠤᠭ ᠬᠡᠯᠪᠡᠷᠢᠲᠦ ᠴᠣᠮᠬᠠᠨ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠂ ᠴᠡᠴᠡᠭ ᠨᠢ ᠬᠣᠣᠰ ᠪᠡᠯᠭᠡ ᠲᠡᠢ᠃ᠪᠠᠭᠯᠠᠭᠴᠢ ᠢᠯᠲᠠᠰᠤ ᠨᠢ ᠨᠠᠪᠴᠢᠯᠢᠭ᠂ ᠬᠣᠶᠠᠷ ᠲᠠᠯ᠎ᠠ ᠳ᠋ᠤᠨᠢ ᠪᠦᠳᠦᠭᠦᠨ ᠦᠰᠦ ᠲᠡᠢ᠃ ᠴᠡᠴᠡᠭ ᠦ᠋ᠨ ᠲᠣᠭᠳᠣᠢ ᠨᠢ 5 ᠭᠦᠨ ᠣᠨᠢ ᠲᠠᠢ᠂ ᠰᠡᠵᠢᠭᠦᠷ ᠢᠯᠲᠠᠰᠤ ᠨᠢ ᠱᠣᠪᠲᠣᠭᠣᠷ᠃ ᠴᠡᠴᠡᠭ ᠦ᠋ᠨ ᠳᠡᠯᠪᠢ ᠨᠢ ᠴᠠᠭᠠᠨ᠂ ᠳᠡᠯᠪᠢ ᠶ᠋ᠢᠨ ᠬᠣᠭᠣᠯᠠᠢ ᠨᠢ ᠣᠬᠣᠷ᠂ ᠦᠵᠦᠭᠦᠷ ᠲᠤᠨᠢ 5 ᠣᠨᠢ ᠲᠠᠢ᠃ 5 ᠡᠷ᠎ᠡ ᠲᠣᠭᠣᠷᠴᠣᠭ ᠲᠠᠢ ᠪᠥᠭᠡᠳ ᠴᠡᠴᠡᠭ ᠦ᠋ᠨ ᠳᠡᠯᠪᠢ ᠶ᠋ᠢᠨ ᠬᠣᠭᠣᠯᠠᠢ ᠶ᠋ᠢᠨ ᠳᠤᠮᠳᠠ ᠬᠡᠰᠡᠭ ᠡᠴᠡ ᠤᠷᠭᠤᠨ᠎ᠠ᠃ ᠤᠮᠠᠢ ᠨᠢ ᠳᠡᠭᠡᠳᠦ ᠣᠷᠣᠨ ᠲᠠᠢ᠂ 4 ᠭᠦᠨ ᠣᠨᠢ ᠲᠠᠢ᠂ ᠴᠡᠴᠡᠭ ᠦ᠋ᠨ ᠪᠠᠭᠠᠨ᠎ᠠ ᠨᠢ ᠪᠦᠰᠡ ᠬᠡᠯᠪᠡᠷᠢ ᠲᠡᠢ᠂ ᠪᠠᠭᠠᠨ᠎ᠠ ᠶ᠋ᠢᠨ ᠣᠷᠣᠢ ᠨᠢ ᠪᠥᠮᠪᠥᠭᠡᠯᠢᠭ᠂ ᠭᠦᠢᠬᠡᠨ ᠣᠨᠢ ᠲᠠᠢ᠃ ᠵᠢᠵᠢᠭ ᠬᠠᠲᠠᠭᠤ ᠵᠢᠮᠢᠰ ᠨᠢ ᠰᠢᠯᠤᠭᠤᠨ᠂ ᠥᠨᠳᠡᠭᠡᠯᠵᠢᠨ ᠪᠥᠭᠡᠷᠡᠩᠬᠡᠢ᠂ ᠭᠦᠢᠬᠡᠨ ᠬᠦᠷᠡᠩ᠂ 4 ᠮᠦᠬᠦᠯᠢᠩ ᠥᠨᠳᠡᠭᠡᠯᠵᠢᠨ ᠬᠡᠯᠪᠡᠷᠢᠲᠦ ᠦᠷ᠎ᠡ ᠲᠡᠢ᠃ 5—6 ᠳ᠋ᠤᠭᠠᠷ ᠰᠠᠷ᠎ᠠ ᠳ᠋ᠤ᠌ ᠴᠡᠴᠡᠭᠯᠡᠵᠦ᠂ 7—8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
2. ᠰᠢᠨᠵᠢᠶᠠᠩ ᠪᠠᠷᠢᠮᠤᠭ ᠣᠯᠠᠨ ᠨᠠᠰᠤᠲᠤ ᠡᠪᠡᠰᠦᠯᠢᠭ ᠤᠷᠭᠤᠮᠠᠯ᠂ 25—35cmᠥᠨᠳᠥᠷ᠂ ᠪᠦᠬᠦ ᠪᠡᠶ᠎ᠡ ᠳ᠋ᠦ᠍ᠨᠢ ᠴᠠᠭᠠᠨ ᠥᠩᠭᠡᠲᠦ ᠰᠢᠷᠦᠭᠦᠨ ᠬᠠᠲᠠᠭᠤ ᠦᠰᠦ ᠲᠡᠢ᠃ ᠦᠨᠳᠦᠰᠦ ᠨᠢ ᠰᠢᠯᠤᠭᠤᠨ ᠂ᠵᠢᠭᠠᠬᠠᠨ ᠲᠣᠭᠣᠷᠢᠭ ᠱᠣᠷᠣᠯᠵᠢᠨ᠃ ᠡᠰᠢ ᠨᠢ ᠰᠢᠯᠤᠭᠤᠨ ᠪᠥᠭᠡᠳ ᠭᠠᠭᠴᠠᠭᠠᠷ ᠪᠤᠶᠤ ᠤᠵᠠᠭᠤᠷ ᠠ᠋ᠴᠠ ᠪᠠᠨ 2 ᠰᠠᠯᠠᠭᠠᠯᠠᠨ᠎ᠠ᠃ ᠤᠷᠲᠤ ᠬᠠᠲᠠᠭᠤ ᠦᠰᠦ ᠲᠡᠢ᠃ ᠤᠵᠠᠭᠤᠷ ᠤ᠋ᠨ ᠨᠠᠪᠴᠢ ᠨᠢ ᠪᠤᠲᠠᠯᠠᠨ᠎ᠠ᠃ ᠪᠠᠷᠢᠭᠤᠯ ᠦᠭᠡᠢ᠂ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂13cmᠣᠷᠴᠢᠮ ᠤᠷᠲᠤ᠂ ᠱᠣᠪᠣᠭᠣᠷ ᠦᠵᠦᠭᠦᠷ ᠲᠡᠢ᠂ ᠱᠣᠪᠲᠣᠭᠣᠷ ᠤᠭ ᠲᠠᠢ ᠪᠥᠭᠡᠳ ᠪᠦᠲᠦᠨ ᠬᠥᠪᠡᠭᠡ ᠲᠡᠢ᠃ ᠰᠢᠷᠠᠩᠭᠤᠢ ᠨᠣᠭᠣᠪᠲᠤᠷ ᠬᠦᠷᠡᠩ ᠥᠩᠭᠡ ᠲᠡᠢ᠃ ᠡᠰᠢᠨ ᠳ᠋ᠡᠬᠢ ᠨᠠᠪᠴᠢ ᠨᠢ ᠴᠤᠪᠤᠷᠠᠨ ᠤᠷᠭᠤᠨ᠎ᠠ ᠂ ᠨᠡᠯᠢᠶᠡᠳ ᠣᠬᠣᠷ ᠵᠢᠵᠢᠭ᠂ ᠪᠠᠷᠢᠭᠤᠯ ᠦᠭᠡᠢ᠃ ᠬᠢᠯᠢᠨᠴᠡᠲᠦ ᠬᠣᠷᠣᠬᠠᠢ ᠶ᠋ᠢᠨ ᠰᠡᠭᠦᠯ ᠰᠢᠭ ᠴᠣᠮᠬᠠᠨ ᠪᠠᠭ ᠴᠡᠴᠡᠭ ᠨᠢ ᠡᠰᠢᠨ ᠦ᠌ ᠣᠷᠣᠢ ᠳ᠋ᠤ᠌ ᠢᠬᠴᠤᠷᠠᠵᠤ ᠳᠡᠯᠭᠡᠷᠡᠨ᠎ᠡ᠂ ᠴᠡᠴᠡᠭ ᠨᠢ ᠬᠣᠣᠰ ᠪᠡᠯᠭᠡ ᠲᠡᠢ᠃ ᠪᠠᠭᠯᠠᠭᠴᠢ ᠢᠯᠲᠠᠰᠤ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ ᠬᠠᠲᠠᠭᠤ ᠦᠰᠦ ᠲᠡᠢ᠃ ᠴᠡᠴᠡᠭ ᠦ᠋ᠨ ᠲᠣᠭᠳᠣᠢ ᠨᠢ ᠣᠬᠣᠷ ᠬᠣᠭᠣᠯᠠᠢ ᠬᠡᠯᠪᠡᠷᠢ ᠲᠡᠢ᠂ 5 ᠰᠡᠵᠢᠭᠦᠷ ᠢᠯᠲᠠᠰᠤ ᠲᠠᠢ᠃ ᠴᠡᠴᠡᠭ ᠦ᠋ᠨ ᠳᠡᠯᠪᠢ ᠤᠷᠲᠤ ᠭᠤᠤᠷᠰᠤ ᠬᠡᠯᠪᠡᠷᠢ ᠲᠡᠢ᠂ ᠪᠣᠷᠣ ᠥᠩᠭᠡᠲᠡᠢ ᠪᠤᠶᠤ ᠭᠦᠢᠬᠡᠨ ᠪᠣᠷᠣ᠂ ᠤᠷᠲᠤ ᠨᠢ1.3cm᠂ 5 ᠰᠡᠵᠢᠭᠦᠷ ᠢᠯᠲᠠᠰᠤ ᠲᠠᠢ᠂ ᠵᠤᠤᠪᠠᠩ ᠬᠡᠯᠪᠡᠷᠢ ᠲᠡᠢ᠂ ᠶᠠᠯᠢᠮ ᠦᠭᠡᠢ ᠴᠠᠭᠠᠨ ᠦᠰᠦ ᠲᠡᠢ᠃ ᠡᠷ᠎ᠡ ᠲᠣᠭᠣᠷᠴᠣᠭ ᠨᠢ 5᠂ᠳᠣᠬᠢᠭᠤᠷ ᠦᠭᠡᠢ ᠪᠤᠶᠤ ᠣᠬᠣᠷ᠃ ᠤᠮᠠᠢ ᠨᠢ ᠳᠡᠭᠡᠳᠦ ᠣᠷᠣᠨ ᠲᠠᠢ᠂ ᠴᠡᠴᠡᠭ ᠦ᠋ᠨ ᠪᠠᠭᠠᠨ᠎ᠠ ᠨᠢ ᠨᠠᠷᠢᠬᠠᠨ᠂ ᠪᠠᠭᠠᠨ᠎ᠠ ᠶ᠋ᠢᠨ ᠠᠮᠠᠰᠠᠷ ᠪᠥᠮᠪᠦᠭᠡᠨ ᠬᠡᠯᠪᠡᠷᠢ ᠲᠡᠢ᠂ 2 ᠭᠦᠨ ᠣᠨᠢ ᠲᠠᠢ᠃ ᠵᠢᠵᠢᠭ ᠬᠠᠲᠠᠭᠤ ᠵᠢᠮᠢᠰ ᠨᠢ ᠥᠷᠭᠡᠨ ᠥᠨᠳᠡᠭᠡᠯᠵᠢᠨ ᠬᠡᠯᠪᠡᠷᠢ ᠲᠡᠢ᠂ ᠭᠦᠢᠬᠡᠨ ᠬᠦᠷᠡᠩ ᠥᠩᠭᠡ ᠲᠡᠢ᠂
6—7 ᠳ᠋ᠤᠭᠠᠷ ᠰᠠᠷ᠎ᠠ ᠳ᠋ᠤ᠌ ᠴᠡᠴᠡᠭᠯᠡᠵᠦ᠂8—9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠲᠠᠴᠢᠷ ᠠᠭᠤᠯᠠ ᠪᠣᠯᠤᠨ ᠬᠠᠭᠤᠷᠠᠢ ᠭᠠᠵᠠᠷ ᠲᠤ᠌ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠱᠠᠨᠰᠢ ᠪᠣᠯᠤᠨ ᠬᠥᠬᠡᠮᠥ᠋ᠷᠡᠨ ᠡᠴᠡ ᠡᠮᠦᠨᠡᠰᠢ ᠲᠠᠷᠬᠠᠴᠠ ᠲᠠᠢ᠃ ᠰᠢᠨᠵᠢᠶᠠᠩ ᠪᠠᠷᠢᠮᠤᠭ ᠠᠭᠤᠯᠠᠨ ᠬᠠᠵᠠᠭᠤ ᠪᠠᠷ ᠤᠷᠭᠤᠨ᠎ᠠ᠃ ᠰᠢᠨᠵᠢᠶᠠᠩ ᠂ ᠲᠥᠪᠡᠳ ᠲᠦ᠍ ᠲᠠᠷᠬᠠᠴᠠ ᠲᠠᠢ᠃
{ ᠲᠡᠭᠦᠵᠦ ᠪᠣᠯᠪᠠᠰᠤᠷᠠᠭᠤᠯᠬᠤ} ᠬᠠᠪᠤᠷ᠂ ᠨᠠᠮᠤᠷ ᠦᠨᠳᠦᠰᠦ ᠶ᠋ᠢ ᠨᠢ ᠮᠠᠯᠲᠠᠨ ᠠᠪᠴᠤ ᠰᠢᠪᠡᠷ ᠰᠢᠷᠣᠢ᠂ ᠦᠯᠡᠳᠡᠭᠳᠡᠯ ᠡᠰᠢ ᠶ᠋ᠢ ᠨᠢ ᠠᠷᠢᠯᠭᠠᠭᠠᠳ ᠨᠠᠷᠠᠨ ᠳ᠋ᠤ᠌ ᠬᠠᠲᠠᠭᠠᠨ᠎ᠠ᠂ ᠤᠬᠢᠶᠠᠬᠤ ᠶ᠋ᠢ ᠴᠡᠭᠡᠷᠯᠡᠨ᠎ᠡ᠃
{ ᠠᠮᠲᠠ ᠴᠢᠨᠠᠷ ᠡᠷᠳᠡᠮ} ᠠᠮᠲᠠᠯᠢᠭ᠂ ᠥᠴᠦᠬᠡᠨ ᠭᠠᠰᠢᠭᠤᠨ ᠠᠮᠲᠠ ᠲᠠᠢ᠂ ᠰᠡᠷᠢᠭᠦᠨ ᠴᠢᠨᠠᠷᠲᠠᠢ᠃
{ ᠴᠢᠳᠠᠯ ᠪᠠ ᠭᠣᠣᠯᠳᠠᠭᠤ ᠵᠠᠰᠠᠬᠤ} ᠴᠢᠰᠤᠨ ᠬᠠᠯᠠᠭᠤᠨ ᠢ᠋ ᠠᠷᠢᠯᠭᠠᠬᠤ ᠂ ᠴᠢᠰᠤ ᠶ᠋ᠢ ᠵᠣᠭᠰᠣᠭᠠᠬᠤ᠂ ᠭᠦᠪᠳᠦᠷᠦᠦ ᠶ᠋ᠢ ᠲᠤᠭᠤᠷᠠᠭᠤᠯᠬᠤ ᠴᠢᠳᠠᠯ ᠲᠠᠢ᠃ ᠭᠣᠣᠯᠳᠠᠭᠤ ᠠᠭᠤᠰᠬᠢᠨ ᠬᠠᠯᠠᠭᠤᠨ᠂ ᠠᠭᠤᠰᠬᠢᠨ ᠦᠭᠡᠷᠢ ᠂ ᠴᠢᠰᠤ ᠴᠠᠷ ᠲᠠᠢ ᠬᠠᠨᠢᠶᠠᠬᠤ᠂ ᠡᠯ᠎ᠡ ᠵᠦᠢᠯ ᠦ᠋ᠨ ᠴᠢᠰᠤ ᠭᠠᠷᠬᠤ᠂ ᠪᠥᠭᠡᠷᠡᠨ ᠬᠠᠯᠠᠭᠤᠨ ᠂ ᠴᠢᠰᠤ ᠪᠠᠷ ᠰᠢᠭᠡᠬᠦ᠂ ᠰᠢᠭᠡᠰᠦ ᠰᠢᠵᠢᠩᠲᠦᠬᠦ᠂ ᠤᠯᠠᠭᠠᠨ ᠨᠣᠳ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄紫草
ᠠᠩᠭ᠌ᠯᠢ ᠨᠡᠷ᠎ᠡ᠄Lithospermum erytthrorhizon sieb.etZucc
ᠦᠰᠦᠭ ᠠᠮᠢᠯᠠᠭᠤᠯᠤᠭᠴᠢ᠄ ᠡᠷᠳᠡᠨᠢ
ᠬᠢᠨᠠᠭᠴᠢ᠄ ᠲᠤᠶᠠᠭ᠎ᠠ
