ᠬᠡᠷᠢᠶᠡᠨ ᠨᠢᠳᠦХэрээн нүд ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠡᠷᠢᠶᠡᠨ ᠨᠢᠳᠦХэрээн нүд

ᠬᠡᠷᠢᠶᠡᠨ ᠨᠢᠳᠦХэрээн нүд

2024-11-16

507

ᠬᠡᠷᠢᠶᠡᠨ ᠨᠢᠳᠦ

   ᠲᠤᠰ ᠡᠮ ᠪᠣᠯ ᠰᠠᠷᠠᠨ᠎ᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠬᠡᠷᠢᠶᠡᠨ ᠨᠢᠳᠦ ᠶ᠋ᠢᠨ ᠬᠠᠲᠠᠭᠠᠭᠰᠠᠨ ᠲᠥᠮᠥᠰᠥᠯᠢᠭ ᠦᠨᠳᠦᠰᠦ ᠮᠥᠨ᠃ ᠪᠠᠰᠠ ᠨᠢᠰᠢᠩ ᠭᠡᠳᠡᠭ᠃
   [ ᠤᠤᠯ ᠤᠷᠭᠤᠮᠠᠯ] ᠠᠪᠠᠷᠢᠵᠤ ᠤᠷᠭᠤᠬᠤ ᠣᠯᠠᠨ ᠨᠠᠰᠤᠲᠤ ᠡᠪᠡᠰᠦᠯᠢᠭ ᠤᠷᠭᠤᠮᠠᠯ᠃ ᠲᠥᠮᠥᠰᠥᠯᠢᠭ ᠦᠨᠳᠦᠰᠦ ᠨᠢ ᠮᠢᠬᠠᠯᠢᠭ᠂ ᠰᠢᠷᠠᠪᠲᠤᠷ ᠴᠠᠭᠠᠨ ᠥᠩᠭᠡ ᠲᠡᠢ᠂ ᠳᠤᠮᠳᠠ ᠬᠡᠰᠡᠭ ᠪᠤᠶᠤ ᠦᠵᠦᠭᠦᠷ ᠬᠡᠰᠡᠭ ᠲᠡᠭᠡᠨ ᠡᠭᠡᠷᠡᠦᠯ ᠬᠡᠯᠪᠡᠷᠢ ᠲᠡᠢ ᠲᠣᠮᠣᠷᠠᠳᠠᠭ᠃ ᠡᠰᠢ ᠨᠢ ᠨᠠᠷᠢᠨ᠂1—2m ᠤᠷᠲᠤ᠂ ᠭᠤᠯᠳᠤ ᠬᠣᠪᠢᠯ ᠠᠷᠲᠠᠢ᠂ ᠨᠠᠪᠴᠢ ᠨᠢ ᠳᠣᠷᠣᠢᠲᠠᠭᠠᠳ ᠬᠠᠭᠤᠷᠠᠢ ᠬᠠᠢᠷᠰᠤᠯᠢᠭ ᠢᠯᠲᠠᠰᠤ ᠰᠢᠭ᠋ ᠪᠣᠯᠳᠠᠭ᠃ ᠭᠤᠷᠪᠠᠯᠵᠢᠨ ᠭᠣᠣᠯ ᠡᠰᠢᠨ ᠳ᠋ᠡᠬᠢ ᠨᠠᠪᠴᠢ ᠨᠢ ᠶᠡᠷᠦ ᠳ᠋ᠡᠭᠡᠨ ᠳᠣᠷᠣᠭᠰᠢ ᠮᠡᠬᠦᠢᠵᠦ ᠣᠬᠣᠷ ᠥᠷᠭᠡᠰᠦ ᠪᠣᠯᠳᠠᠭ᠃ ᠨᠠᠪᠴᠢᠯᠢᠭ ᠮᠥᠴᠢᠷ ᠨᠢ2—4—6 ᠪᠠᠷ ᠪᠠᠭᠯᠠᠷᠠᠨ ᠤᠷᠭᠤᠨ᠎ᠠ᠃ ᠨᠠᠷᠢᠨ ᠪᠦᠰᠡ ᠬᠡᠯᠪᠡᠷᠢ ᠲᠡᠢ᠂ ᠬᠠᠪᠲᠠᠭᠠᠢ᠂
   1—3cm ᠤᠷᠲᠤ᠂ ᠪᠠᠷᠤᠭ1mm ᠣᠷᠴᠢᠮ ᠤᠷᠲᠤ᠂ ᠢᠷᠮᠡᠭ ᠲᠦ᠋ᠨᠢ ᠨᠠᠷᠢᠨ ᠥᠷᠭᠡᠰᠦ ᠲᠡᠢ᠂ ᠳᠤᠮᠳᠠᠬᠢ ᠰᠠᠯᠠᠭ᠎ᠠ ᠨᠢ ᠬᠠᠵᠠᠭᠤ ᠶ᠋ᠢᠨ ᠰᠠᠯᠠᠭ᠎ᠠ ᠠ᠋ᠴᠠ ᠪᠠᠨ ᠤᠷᠲᠤ᠃ ᠴᠡᠴᠡᠭ ᠨᠢ1—3 ᠬᠦᠢᠰ ᠢ᠋ᠶ᠋ᠡᠷ ᠨᠠᠪᠴᠢᠨ ᠤ᠋ ᠥᠪᠥᠷ ᠲᠦ᠍ ᠪᠠᠭᠯᠠᠷᠠᠨ ᠤᠨᠵᠢᠢᠵᠤ ᠳᠡᠯᠭᠡᠷᠡᠨ᠎ᠡ᠃ ᠰᠢᠷᠠᠪᠲᠤᠷ ᠴᠠᠭᠠᠨ ᠪᠤᠶᠤ ᠴᠠᠭᠠᠨ᠃ ᠴᠡᠴᠡᠭ ᠦ᠋ᠨ ᠳᠡᠯᠪᠢ ᠨᠢ6᠃ ᠡᠮ᠎ᠡ ᠲᠣᠭᠣᠷᠴᠣᠭ ᠨᠢ1᠂ ᠤᠮᠠᠢ ᠨᠢ3 ᠲᠠᠰᠤᠭ ᠲᠠᠢ᠃ ᠰᠢᠭᠦᠰᠦᠯᠢᠭ ᠵᠢᠮᠢᠰ ᠨᠢ ᠪᠥᠮᠪᠦᠭᠡᠨ ᠬᠡᠯᠪᠡᠷᠢ ᠲᠡᠢ᠂ ᠳ᠋ᠢᠶᠠᠮᠧᠲ᠋ᠷ ᠨᠢ6mm ᠣᠷᠴᠢᠮ᠂ ᠪᠣᠯᠪᠠᠰᠤᠷᠠᠪᠠᠯ ᠤᠯᠠᠢᠨ᠎ᠠ᠃ ᠬᠠᠲᠠᠪᠠᠯ ᠪᠣᠷᠣᠪᠲᠤᠷ ᠬᠥᠬᠡ ᠪᠣᠯᠵᠤ ᠬᠤᠪᠢᠷᠠᠨ᠎ᠠ᠃ ᠦᠷ᠎ᠡ ᠨᠢ ᠬᠠᠷ᠎ᠠ᠃ 3—7 ᠳ᠋ᠤᠭᠠᠷ ᠰᠠᠷ᠎ᠠ ᠳ᠋ᠤ᠌ ᠴᠡᠴᠡᠭᠯᠡᠵᠦ᠂8 ᠳ᠋ᠤᠭᠠᠷ ᠰᠠᠷ᠎ᠠ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠰᠡᠭᠦᠳᠡᠷᠯᠢᠭ ᠴᠢᠭᠢᠭ ᠲᠡᠢ ᠪᠣᠯᠵᠤ ᠭᠠᠵᠠᠷ᠂ ᠭᠣᠣᠯ ᠤ᠋ᠨ ᠬᠥᠪᠡᠭᠡ᠂ ᠴᠣᠬᠣᠢ ᠴᠢᠯᠠᠭᠤᠲᠤ ᠳᠣᠪᠣ ᠪᠤᠶᠤ ᠪᠤᠲᠠ ᠰᠥᠭᠡᠭ ᠳᠤᠮᠳᠠ ᠤᠷᠭᠤᠨ᠎ᠠ᠃ ᠮᠠᠨ ᠤ᠋ ᠤᠯᠤᠰ ᠤ᠋ᠨ ᠳᠤᠮᠳᠠ ᠬᠡᠰᠡᠭ᠂ ᠪᠠᠷᠠᠭᠤᠨ ᠬᠣᠢᠲᠤ ᠬᠥᠬᠡᠮᠥ᠋ᠷᠡᠨ ᠣ ᠤᠷᠤᠰᠬᠠᠯ ᠳᠠᠭᠤ ᠣᠷᠣᠨ ᠵᠢᠴᠢ ᠡᠮᠦᠨᠡᠲᠦ ᠣᠷᠣᠨ ᠳ᠋ᠤ᠌ ᠪᠦᠷ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ᠂ ᠡᠪᠦᠯ ᠮᠠᠯᠲᠠᠨ ᠠᠪᠴᠤ᠂ ᠰᠠᠬᠠᠯ ᠦᠨᠳᠦᠰᠦ ᠶ᠋ᠢ ᠨᠢ ᠠᠷᠢᠯᠭᠠᠭᠠᠳ ᠪᠤᠴᠠᠯᠤᠮ᠎ᠠ ᠤᠰᠤᠨ ᠳ᠋ᠤ᠌ ᠬᠢᠵᠦ ᠴᠢᠨᠠᠬᠤ ᠪᠤᠶᠤ ᠵᠢᠩᠨᠡᠵᠦ ᠭᠠᠷᠭᠠᠭᠠᠳ᠂ ᠭᠠᠳᠠᠷ ᠬᠠᠯᠢᠰᠤ ᠶ᠋ᠢ ᠨᠢ ᠠᠷᠢᠯᠭᠠᠨ ᠬᠠᠶᠠᠵᠤ᠂ ᠵᠥᠭᠡᠯᠡᠨ ᠭᠠᠯ ᠳᠡᠭᠡᠷ᠎ᠡ ᠬᠠᠭᠰᠠᠭᠠᠵᠤ ᠬᠠᠲᠠᠭᠠᠬᠤ ᠪᠤᠶᠤ ᠬᠦᠬᠦᠷ ᠢ᠋ᠶ᠋ᠡᠷ ᠤᠭᠲᠤᠭᠠᠳ ᠳᠠᠬᠢᠨ ᠬᠠᠭᠰᠠᠭᠠᠵᠤ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠡᠬᠡᠭᠦᠨ᠂ ᠠᠮᠲᠠᠯᠢᠭ ᠠᠮᠲᠠ ᠲᠠᠢ᠃ ᠪᠦᠯᠢᠶᠡᠨ ᠴᠢᠨᠠᠷ ᠲᠠᠢ᠂ ᠬᠥᠩᠭᠡᠨ᠂ ᠬᠠᠭᠤᠷᠠᠢ᠂ ᠮᠣᠬᠣᠳᠠᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠰᠢᠮᠡᠵᠢᠭᠦᠯᠬᠦ᠂ ᠳᠤᠰᠤᠯ ᠴᠤᠪᠤᠷᠠᠬᠤ ᠶ᠋ᠢ ᠵᠣᠭᠰᠣᠭᠠᠬᠤ᠂ ᠰᠢᠷ᠎ᠠ ᠤᠰᠤ ᠶ᠋ᠢ ᠠᠷᠢᠯᠭᠠᠬᠤ᠂ ᠬᠡᠢ ᠶ᠋ᠢ ᠳᠠᠷᠤᠬᠤ᠂ ᠨᠢᠭᠤᠭᠳᠠᠭᠰᠠᠨ᠂ ᠬᠠᠭᠤᠴᠢᠷᠠᠭᠰᠠᠨ ᠬᠠᠭᠤᠴᠢᠷᠠᠭᠰᠠᠨ ᠬᠠᠯᠠᠭᠤᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠲᠠᠮᠢᠷ ᠳᠣᠷᠣᠢ᠂ ᠰᠢᠮ᠎ᠡ ᠲᠡᠵᠢᠭᠡᠯ ᠳᠤᠲᠠᠭᠰᠠᠨ᠂ ᠬᠡᠢ ᠪᠦᠷᠢᠯᠳᠦᠭᠰᠡᠨ᠂ ᠳᠤᠰᠤᠯ ᠪᠠᠷᠠᠭᠳᠠᠭᠰᠠᠨ᠂ ᠳᠤᠰᠤᠯ ᠴᠤᠪᠤᠷᠠᠬᠤ᠂ ᠡᠷ᠎ᠡ ᠪᠡᠯᠭᠡ ᠰᠤᠯᠠᠷᠠᠭᠰᠠᠨ᠂ ᠠᠷᠠᠰᠤᠨ ᠡᠪᠡᠳᠴᠢᠨ᠂ ᠰᠢᠷ᠎ᠠ ᠤᠰᠤᠨ ᠡᠪᠡᠳᠴᠢᠨ᠂ ᠪᠥᠭᠡᠷᠡᠨ ᠦ᠌ ᠬᠦᠢᠲᠡᠨ ᠬᠡᠢ᠂ ᠪᠥᠭᠡᠷᠡᠨ ᠦ᠌ ᠠᠷᠬᠠᠭ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄天门冬
   ᠠᠩᠭ᠌ᠯᠢ ᠨᠡᠷ᠎ᠡ᠄Asparagus coschinchinensis (Lour) Merr.

   ᠦᠰᠦᠭ ᠠᠮᠢᠯᠠᠭᠤᠯᠤᠭᠴᠢ᠄ ᠲᠤᠶᠠᠭ᠎ᠠ
   ᠬᠢᠨᠠᠭᠴᠢ᠄ ᠣᠳᠣᠨᠲᠤᠶᠠᠭ᠎ᠠ