ᠬᠤᠡᠭᠯᠸᠠХонлен
ᠬᠤᠡᠭᠯᠸᠠ
ᠲᠤᠰ ᠡᠮ ᠪᠣᠯ ᠬᠠᠷ᠎ᠠ ᠣᠷᠬᠣᠳᠠᠢ ᠶ᠋ᠢᠨ ᠢᠵᠠᠭᠤᠷ ᠤ᠋ᠨ ᠤᠷᠭᠤᠮᠠᠯ ᠪᠣᠯᠬᠤ ᠲᠥᠪᠡᠳ ᠪᠣᠷᠣ ᠬᠣᠡᠭᠯᠸᠠ ᠶ᠋ᠢᠨ ᠬᠠᠲᠠᠭᠠᠭᠰᠠᠨ ᠦᠨᠳᠦᠰᠦᠯᠢᠭ ᠡᠰᠢ ᠮᠥᠨ᠃ ᠪᠠᠰᠠ ᠪᠦᠽᠸᠱᠸᠯ᠂ ᠪᠣᠷᠣ ᠬᠣᠡᠭᠯᠸᠠ᠂ ᠪᠣᠷᠣ ᠦᠨᠳᠦᠰᠦ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ ᠦᠨᠳᠦᠰᠦᠯᠢᠭ ᠡᠰᠢ ᠨᠢ ᠲᠤᠷᠤᠭ ᠪᠦᠳᠦᠭᠦᠨ᠂ ᠬᠥᠨᠳᠡᠯᠡᠨ ᠤᠷᠭᠤᠨ᠎ᠠ᠃ 15—20mm ᠤᠷᠲᠤ᠂ ᠦᠶ᠎ᠡ ᠶ᠋ᠢᠨ ᠵᠠᠢ ᠨᠢ ᠣᠢᠷᠠᠬᠠᠨ᠂ ᠶᠡᠷᠦ ᠳ᠋ᠡᠭᠡᠨ ᠪᠦᠳᠡᠭᠢ ᠪᠣᠷᠣ ᠥᠩᠭᠡ ᠲᠡᠢ ᠥᠲᠡᠯᠦᠭᠰᠡᠨ ᠨᠠᠪᠴᠢᠨ ᠤ᠋ ᠦᠯᠡᠳᠡᠭᠳᠡᠯ ᠪᠣᠯᠤᠨ ᠰᠠᠬᠠᠯ ᠦᠨᠳᠦᠰᠦ ᠲᠡᠢ᠃ ᠦᠨᠳᠦᠰᠦᠨ ᠦ᠌ ᠣᠢᠷᠠᠯᠴᠠᠭ᠎ᠠ ᠬᠡᠰᠡᠭ ᠡᠴᠡ ᠯᠢᠩᠬᠤ᠎ᠠ ᠶ᠋ᠢᠨ ᠲᠠᠪᠴᠠᠩ ᠰᠢᠭ᠋ ᠪᠠᠭᠯᠠᠷᠠᠭᠰᠠᠨ ᠨᠠᠪᠴᠢ ᠤᠷᠭᠤᠨ᠎ᠠ᠃ ᠬᠠᠯᠪᠠᠭ᠎ᠠ ᠬᠡᠯᠪᠡᠷᠢ ᠲᠡᠢ ᠪᠤᠶᠤ ᠲᠣᠩᠭᠣᠷᠤᠤ ᠬᠠᠪᠲᠠᠭᠠᠢ ᠲᠡᠪᠡᠨᠡ᠂ ᠲᠣᠩᠭᠣᠷᠤᠤ ᠥᠨᠳᠡᠭᠡᠯᠵᠢᠨ ᠡᠴᠡ ᠤᠷᠲᠤᠯᠵᠢᠨ ᠵᠤᠤᠪᠠᠩ ᠬᠡᠯᠪᠡᠷᠢ ᠲᠡᠢ᠂2—7cm ᠤᠷᠲᠤ᠂ 1.5—3.5cm ᠥᠷᠭᠡᠨ᠂ ᠲᠣᠭᠣᠷᠢᠭ ᠪᠤᠶᠤ ᠮᠤᠬᠤᠷ ᠦᠵᠦᠭᠦᠷ ᠲᠡᠢ᠂ ᠤᠭ ᠨᠢ ᠱᠤᠪᠲᠤᠢᠭᠠᠳ ᠥᠷᠭᠡᠨ ᠪᠠᠷᠢᠭᠤᠯ ᠪᠣᠯᠳᠠᠭ᠃ ᠤᠭ ᠤ᠋ᠨ ᠬᠡᠰᠡᠭ ᠡᠴᠡ ᠪᠤᠰᠤᠳ ᠬᠡᠰᠡᠭ ᠦ᠋ᠨ ᠬᠥᠪᠡᠭᠡ ᠳ᠋ᠦ᠍ᠨᠢ ᠮᠤᠬᠤᠷ ᠬᠢᠷᠥᠭᠡᠨ ᠰᠢᠲᠦ ᠲᠡᠢ᠃ ᠴᠡᠴᠡᠭ ᠦ᠋ᠨ ᠡᠰᠢ ᠨᠢ ᠬᠠᠵᠠᠭᠠᠢ ᠤᠷᠭᠤᠬᠤ ᠪᠥᠭᠡᠳ5—15cm ᠤᠷᠲᠤ᠂ ᠪᠤᠯᠴᠢᠷᠬᠠᠢᠲᠤ ᠦᠰᠦ ᠲᠡᠢ᠃ ᠲᠦᠷᠦᠭᠦᠦ ᠰᠢᠭ ᠴᠠᠴᠤᠭ ᠬᠡᠯᠪᠡᠷᠢᠲᠦ ᠪᠠᠭ ᠴᠡᠴᠡᠭ ᠨᠢ ᠡᠰᠢᠨ ᠦ᠌ ᠦᠵᠦᠭᠦᠷ ᠲᠦ᠍ ᠳᠡᠯᠭᠡᠷᠡᠨ᠎ᠡ᠃ ᠪᠠᠭᠯᠠᠭᠴᠢ ᠢᠯᠲᠠᠰᠤ ᠨᠢ ᠥᠨᠳᠡᠭᠡᠯᠵᠢᠨ ᠬᠡᠯᠪᠡᠷᠢ ᠲᠡᠢ ᠪᠥᠭᠡᠳ ᠦᠰᠦ ᠲᠡᠢ᠃ 5 ᠲᠣᠭᠳᠣᠢ ᠢᠯᠲᠠᠰᠤ ᠲᠠᠢ᠂ 5—6mm ᠤᠷᠲᠤ᠂ ᠬᠦᠷᠡᠩ ᠥᠩᠭᠡᠲᠦ ᠣᠬᠣᠷ ᠵᠥᠭᠡᠯᠡᠨ ᠦᠰᠦ ᠲᠡᠢ᠂ 4 ᠢᠯᠲᠠᠰᠤ ᠨᠢ ᠬᠠᠪᠲᠠᠭᠠᠢ ᠲᠡᠪᠡᠨᠡ᠂ ᠨᠠᠷᠢᠨ ᠤᠷᠲᠤᠯᠵᠢᠨ ᠲᠣᠭᠣᠷᠢᠭ ᠠ᠋ᠴᠠ ᠨᠠᠷᠢᠨ ᠤᠷᠲᠤᠯᠵᠢᠨ ᠵᠤᠤᠪᠠᠩ ᠬᠡᠯᠪᠡᠷᠢ ᠲᠡᠢ᠂ ᠨᠥᠭᠦᠭᠡ ᠢᠯᠲᠠᠰᠤ ᠨᠢ ᠪᠦᠰᠡᠯᠢᠭ ᠰᠢᠤᠬᠠᠨ᠃ ᠴᠡᠴᠡᠭ ᠦ᠋ᠨ ᠳᠡᠯᠪᠢ ᠨᠢ ᠪᠦᠳᠡᠭᠢ ᠪᠣᠷᠣ ᠪᠤᠶᠤ ᠭᠦᠢᠬᠡᠨ ᠬᠥᠬᠡ᠂ 9—12mm ᠤᠷᠲᠤ᠂5—6mm ᠥᠷᠭᠡᠨ᠂ ᠦᠵᠦᠭᠦᠷ ᠲᠦ᠋ᠨᠢ ᠲᠡᠩᠴᠡᠭᠦᠦ ᠪᠤᠰᠤ4 ᠰᠡᠵᠢᠭᠦᠷ ᠢᠯᠲᠠᠰᠤ ᠲᠠᠢ ᠲᠤᠯᠠ2 ᠤᠷᠤᠭᠤᠯ ᠬᠡᠯᠪᠡᠷᠢ ᠲᠡᠢ ᠪᠣᠯᠳᠠᠭ᠃ ᠡᠮᠦᠨ᠎ᠡ ᠲᠠᠯ᠎ᠠ ᠳ᠋ᠠᠬᠢ3 ᠢᠯᠲᠠᠰᠤ ᠨᠢ ᠨᠡᠯᠢᠶᠡᠳ ᠥᠨᠳᠥᠷ᠂ ᠠᠷᠤ ᠶ᠋ᠢᠨ1 ᠢᠯᠲᠠᠰᠤ ᠨᠢ ᠨᠡᠯᠢᠶᠡᠳ ᠨᠠᠮ᠂ ᠭᠠᠳᠠᠷ ᠳᠣᠲᠣᠷ᠎ᠠ ᠨᠢ ᠪᠦᠷ ᠲᠠᠷᠠᠮᠠᠭ ᠵᠥᠭᠡᠯᠡᠨ ᠦᠰᠦ ᠲᠡᠢ᠂ ᠬᠥᠪᠡᠭᠡ ᠪᠡᠷ ᠨᠢ ᠦᠰᠦ ᠦᠭᠡᠢ᠃4 ᠡᠷ᠎ᠡ ᠲᠣᠭᠣᠷᠴᠣᠭ ᠲᠠᠢ᠂2 ᠨᠢ ᠲᠣᠷᠨᠢᠭᠤᠨ᠂ ᠡᠮᠦᠨ᠎ᠡ2 ᠳᠡᠭᠡᠷ᠎ᠡ ᠨᠢ ᠪᠤᠯᠴᠢᠷᠬᠠᠢᠯᠢᠭ ᠣᠬᠣᠷ ᠵᠥᠭᠡᠯᠡᠨ ᠦᠰᠦ ᠲᠡᠢ᠂ ᠠᠷᠤ ᠳ᠋ᠠᠬᠢ2 ᠨᠢ ᠭᠥᠯᠢᠭᠡᠷ᠂ ᠲᠣᠭᠣᠰᠣᠪᠴᠢ ᠨᠢ ᠥᠨᠳᠡᠭᠡᠯᠵᠢᠨ ᠬᠡᠯᠪᠡᠷᠢ ᠲᠡᠢ᠃ ᠤᠮᠠᠢ ᠨᠢ2 ᠲᠠᠰᠤᠭ ᠲᠠᠢ᠂ ᠴᠡᠴᠡᠭ ᠦ᠋ᠨ ᠪᠠᠭᠠᠨ᠎ᠠ ᠨᠢ ᠨᠠᠷᠢᠨ ᠤᠷᠲᠤ᠂ ᠪᠠᠭᠠᠨ᠎ᠠ ᠶ᠋ᠢᠨ ᠠᠮᠠᠰᠠᠷ ᠨᠢ ᠲᠣᠯᠣᠭᠠᠢ ᠬᠡᠯᠪᠡᠷᠢ ᠲᠡᠢ᠃ ᠬᠣᠩᠭᠣᠷᠴᠣᠭᠲᠤ ᠵᠢᠮᠢᠰ ᠨᠢ ᠥᠨᠳᠡᠭᠡᠯᠵᠢᠨ ᠬᠡᠯᠪᠡᠷᠢ ᠲᠡᠢ᠂9—12mm ᠤᠷᠲᠤ᠂ ᠬᠠᠵᠠᠭᠤ ᠲᠠᠯ᠎ᠠ ᠳ᠋ᠤᠨᠢ ᠭᠦᠨ ᠬᠣᠪᠢᠯ ᠲᠠᠢ᠂ ᠣᠯᠠᠩᠬᠢ ᠳ᠋ᠠᠭᠠᠨ ᠲᠠᠰᠤᠭ ᠤ᠋ᠨ ᠠᠷᠤ ᠪᠠᠷ ᠢ᠋ᠶ᠋ᠠᠨ ᠬᠠᠭᠠᠷᠠᠨ᠎ᠠ᠃ ᠣᠯᠠᠨ ᠦᠷ᠎ᠡ ᠲᠡᠢ᠂ ᠬᠠᠪᠲᠠᠭᠠᠢ ᠵᠤᠤᠪᠠᠩ ᠠ᠋ᠴᠠ ᠬᠠᠪᠲᠠᠭᠠᠢ ᠲᠣᠭᠣᠷᠢᠭ ᠬᠡᠯᠪᠡᠷᠢ ᠲᠡᠢ᠂ 1—1.5mm ᠤᠷᠲᠤ᠂ ᠦᠷ᠎ᠡ ᠶ᠋ᠢᠨ ᠬᠠᠯᠢᠰᠤ ᠳᠡᠭᠡᠷ᠎ᠡ ᠨᠢ ᠲᠣᠣᠷᠯᠢᠭ ᠨᠦᠬᠡ ᠲᠡᠢ᠃ 6 ᠳ᠋ᠤᠭᠠᠷ ᠰᠠᠷ᠎ᠠ ᠳ᠋ᠤ᠌ ᠴᠡᠴᠡᠭᠯᠡᠵᠦ᠂ 7 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠬᠦᠢᠲᠡᠨ ᠣᠷᠣᠨ ᠤ᠋ ᠬᠠᠳᠠ ᠴᠢᠯᠠᠭᠤ᠂ ᠴᠢᠯᠠᠭᠤᠨ ᠣᠪᠣᠭᠠᠨ ᠳᠤᠮᠳᠠ ᠤᠷᠭᠤᠬᠤ ᠪᠤᠶᠤ ᠭᠦᠢᠬᠡᠨ ᠬᠥᠷᠥᠰᠥᠲᠦ ᠡᠭᠡᠪᠦᠷ ᠭᠠᠵᠠᠷ ᠲᠤ ᠤᠷᠭᠤᠨ᠎ᠠ᠃ ᠲᠥᠪᠡᠳ ᠦ᠋ᠨ ᠡᠮᠦᠨ᠎ᠡ ᠬᠡᠰᠡᠭ᠂ ᠶᠦᠨᠨᠠᠨ ᠤ᠋ ᠪᠠᠷᠠᠭᠤᠨ ᠬᠣᠢᠲᠤ ᠬᠡᠰᠡᠭ ᠲᠦ᠍ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠬᠥᠷᠥᠰᠥᠨ ᠳᠡᠭᠡᠷᠡᠬᠢ ᠬᠡᠰᠡᠭ ᠢ᠋ ᠨᠢ ᠬᠣᠪᠬᠠᠢᠷᠠᠬᠤ ᠦᠶ᠎ᠡ ᠳ᠋ᠦ᠍ ᠮᠠᠯᠲᠠᠨ ᠠᠪᠴᠤ ᠰᠢᠪᠡᠷ ᠰᠢᠷᠣᠢ᠂ ᠬᠣᠯᠢᠮᠠᠭ ᠪᠣᠳᠠᠰ ᠬᠢᠭᠡᠳ ᠬᠥᠷᠥᠰᠥᠨ ᠳᠡᠭᠡᠷᠡᠬᠢ ᠬᠡᠰᠡᠭ ᠢ᠋ ᠨᠢ ᠠᠷᠢᠯᠭᠠᠨ ᠬᠠᠶᠠᠵᠤ᠂ ᠤᠬᠢᠶᠠᠨ ᠴᠡᠪᠡᠷᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠬᠦᠢᠲᠡᠨ ᠴᠢᠨᠠᠷ ᠲᠠᠢ᠃ ᠰᠢᠷᠦᠭᠦᠨ᠂ ᠬᠥᠩᠭᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ᠂ ᠮᠠᠭᠤ ᠴᠢᠰᠤ ᠶ᠋ᠢ ᠬᠠᠲᠠᠭᠠᠬᠤ᠂ ᠬᠢᠮᠤᠷᠠᠭᠰᠠᠨ ᠢ᠋ ᠠᠷᠢᠯᠭᠠᠬᠤ ᠴᠢᠳᠠᠯ ᠲᠠᠢ᠃ ᠭᠣᠣᠯᠳᠠᠭᠤ ᠴᠢᠰᠤ ᠰᠢᠷ᠎ᠠ ᠬᠢᠮᠤᠷᠠᠭᠰᠠᠨ᠂ ᠳᠡᠯᠭᠡᠷᠡᠭᠰᠡᠨ ᠬᠠᠯᠠᠭᠤᠨ᠂ ᠴᠤᠯᠤ ᠶ᠋ᠢᠨ ᠬᠠᠯᠠᠭᠤᠨ᠂ ᠴᠠᠩᠬ᠎ᠠ᠂ ᠪᠣᠭᠣᠮ᠎ᠠ᠂ ᠣᠬᠣᠷ ᠬᠠᠳᠬᠤᠯᠭ᠎ᠠ᠂ ᠬᠢᠵᠢᠭ ᠲᠠᠭᠰᠢᠭᠤᠷ᠂ ᠤᠷᠪᠠᠭᠰᠠᠨ ᠬᠣᠣᠷ ᠢ᠋ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 胡黄连
ᠠᠩᠭ᠌ᠯᠢ ᠨᠡᠷ᠎ᠡ᠄Neopicrorhiza scrophulariiflora (Pennell) D. Y. Hong
ᠦᠰᠦᠭ ᠠᠮᠢᠯᠠᠭᠤᠯᠤᠭᠴᠢ᠄ ᠴᠢᠮᠡᠭ
ᠬᠢᠨᠠᠭᠴᠢ᠄ ᠲᠤᠶᠠᠭ᠎ᠠ
