ᠣᠴᠢᠭᠠᠳ ᠵᠣᠯᠭᠠᠨ᠎ᠠ ᠳ᠋ᠠ - ᠪᠠᠰᠠᠩᠬᠦᠦОчоод золгоно доо - дуучин Баасанхүү ᠳᠠᠭᠤᠤ ᠬᠥᠭᠵᠢᠮ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠣᠴᠢᠭᠠᠳ ᠵᠣᠯᠭᠠᠨ᠎ᠠ ᠳ᠋ᠠ - ᠪᠠᠰᠠᠩᠬᠦᠦОчоод золгоно доо - дуучин Баасанхүү

ᠣᠴᠢᠭᠠᠳ ᠵᠣᠯᠭᠠᠨ᠎ᠠ ᠳ᠋ᠠ - ᠪᠠᠰᠠᠩᠬᠦᠦОчоод золгоно доо - дуучин Баасанхүү

ᠠᠩᠭᠢᠯᠠᠯ:ᠳᠠᠭᠤᠤ ᠬᠥᠭᠵᠢᠮ
2024-12-08

712

ᠣᠴᠢᠭᠠᠳ ᠵᠣᠯᠭᠠᠨ᠎ᠠ ᠳ᠋ᠠ

   ᠦᠭᠡ᠄ ᠵ ᠲᠦᠮᠡᠨᠵᠢᠷᠭᠠᠯ 
   ᠠᠶ᠎ᠠ᠄  ᠪ ᠰᠢᠷᠠᠪ 
   ᠳᠠᠭᠤᠴᠢᠨ᠄ ᠪᠠᠰᠠᠩᠬᠦᠦ 

ᠬᠥᠮᠦᠨ ᠦ᠌ ᠭᠠᠵᠠᠷ ᠡᠷᠳᠡᠮ ᠰᠤᠷᠬᠤ ᠪᠠᠷ ᠬᠦᠷᠦᠭᠡᠳ ᠢᠷᠡᠬᠦ ᠳ᠋ᠦ᠍ ᠪᠡᠨ ᠪᠢ ᠴᠢᠨᠢ  
ᠬᠥᠭᠰᠢᠨ ᠪᠤᠭᠤᠷᠤᠯ ᠡᠵᠢ ᠪᠡᠨ ᠣᠷᠬᠢᠭᠠᠳ ᠭᠠᠷᠤᠭᠰᠠᠨ ᠳᠠ 
ᠬᠥᠮᠦᠰᠬᠡᠨ ᠳᠣᠣᠷ᠎ᠠ ᠪᠠᠨ ᠨᠢᠯᠪᠤᠰᠤ ᠮᠡᠯᠮᠡᠷᠡᠭᠦᠯᠦᠭᠡᠳ ᠤᠬᠢᠯᠠᠭᠠᠳ ᠦᠯᠡᠳᠡᠭᠰᠡᠨ ᠡᠵᠢ ᠳ᠋ᠡᠭᠡᠨ 
ᠬᠥᠬᠦᠭᠡᠨ ᠳᠠᠭᠤᠨ ᠤ᠋ ᠡᠬᠢᠨ ᠰᠠᠷ᠎ᠠ ᠳ᠋ᠠᠭᠠᠨ ᠣᠴᠢᠭᠠᠳ ᠵᠣᠯᠭᠠᠨ᠎ᠠ ᠳᠠ 
ᠠ ᠁ᠣᠴᠢᠭᠠᠳ ᠵᠣᠯᠭᠠᠨ᠎ᠠ ᠳᠠ 

ᠠᠯᠤᠰ ᠤ᠋ᠨ ᠭᠠᠵᠠᠷ ᠡᠷᠳᠡᠮ ᠰᠤᠷᠬᠤ ᠪᠠᠷ ᠬᠦᠷᠦᠭᠡᠳ ᠢᠷᠡᠬᠦ ᠳ᠋ᠡᠭᠡᠨ ᠪᠢ ᠴᠢᠨᠢ
ᠠᠵᠠᠢ ᠪᠤᠭᠤᠷᠤᠯ ᠠᠪᠤ ᠪᠠᠨ ᠣᠷᠬᠢᠭᠠᠳ ᠭᠠᠷᠤᠭᠰᠠᠨ ᠳᠠ 
ᠠᠨᠢᠰᠬᠠᠨ ᠳᠣᠣᠷ᠎ᠠ ᠪᠠᠨ ᠨᠢᠯᠪᠤᠰᠤ ᠮᠡᠯᠮᠡᠷᠡᠭᠦᠯᠦᠭᠡᠳ ᠤᠬᠢᠯᠠᠭᠠᠳ ᠦᠯᠡᠳᠡᠭᠰᠡᠨ ᠠᠪᠤ ᠳ᠋ᠠᠭᠠᠨ 
ᠠᠯᠠᠭ ᠴᠡᠴᠡᠭ ᠦ᠋ᠨ ᠡᠬᠢᠨ ᠰᠠᠷ᠎ᠠ ᠳ᠋ᠠᠭᠠᠨ ᠣᠴᠢᠭᠠᠳ ᠵᠣᠯᠭᠠᠨ᠎ᠠ ᠳᠠ 
ᠠ ᠁ᠣᠴᠢᠭᠠᠳ ᠵᠣᠯᠭᠠᠨ᠎ᠠ ᠳᠠ

ᠬᠣᠯᠠ ᠶ᠋ᠢᠨ ᠭᠠᠵᠠᠷ ᠡᠷᠳᠡᠮ ᠰᠤᠷᠬᠤ ᠪᠠᠷ ᠬᠦᠷᠦᠭᠡᠳ ᠢᠷᠡᠬᠦ ᠳ᠋ᠡᠭᠡᠨ ᠪᠢ ᠴᠢᠨᠢ 
ᠬᠣᠷᠸ᠎ᠠ ᠳ᠋ᠤ᠌ ᠭᠠᠭᠴᠠᠬᠠᠨ ᠨᠤᠲᠤᠭ ᠤᠰᠤ ᠪᠠᠨ ᠣᠷᠬᠢᠭᠠᠳ ᠭᠠᠷᠤᠭᠰᠠᠨ ᠳᠠ 
ᠬᠣᠯᠪᠣᠭ᠎ᠠ ᠨᠠᠭᠤᠷ ᠤ᠋ᠨ ᠴᠡᠩᠬᠡᠷ ᠮᠡᠯᠮᠡᠢ ᠴᠠᠩᠲᠤᠭᠠᠳ ᠦᠯᠡᠳᠡᠭᠰᠡᠨ ᠨᠤᠲᠤᠭ ᠲᠠᠭᠠᠨ 
ᠬᠤᠷ᠎ᠠ ᠲᠠᠢ ᠵᠤᠨ ᠤ᠋ ᠡᠬᠢᠨ ᠰᠠᠷ᠎ᠠ ᠳ᠋ᠠᠭᠠᠨ ᠣᠴᠢᠭᠠᠳ ᠵᠣᠯᠭᠠᠨ᠎ᠠ ᠳᠠ 
ᠠ ᠁ᠣᠴᠢᠭᠠᠳ ᠵᠣᠯᠭᠠᠨ᠎ᠠ ᠳᠠ
ᠠ᠁ ᠣᠴᠢᠭᠠᠳ ᠵᠣᠯᠭᠠᠨ᠎ᠠ ᠳᠠ

  ᠦᠰᠦᠭ ᠠᠮᠢᠯᠠᠭᠤᠯᠤᠭᠴᠢ᠄ ᠲᠡᠭᠰᠢᠮᠥ᠋ᠩᠬᠡ
  ᠬᠢᠨᠠᠭᠴᠢ᠄ ᠮᠤᠩᠭᠤᠯᠵᠠᠶᠠᠭ᠎ᠠ