ᠬᠣᠩᠬᠣ ᠴᠡᠴᠡᠭХонх цэцэг
ᠬᠣᠩᠬᠣ ᠴᠡᠴᠡᠭ
ᠲᠤᠰ ᠡᠮ ᠪᠣᠯ ᠬᠤᠷᠳᠤᠨ ᠴᠠᠭᠠᠨ ᠤ᠋ ᠢᠵᠠᠭᠤᠷ ᠤ᠋ᠨ ᠤᠷᠭᠤᠮᠠᠯ ᠪᠣᠯᠬᠤ ᠲᠠᠯ᠎ᠠ ᠶ᠋ᠢᠨ ᠬᠣᠩᠬᠣ ᠴᠡᠴᠡᠭ ᠦ᠋ᠨ ᠬᠠᠲᠠᠭᠠᠭᠰᠠᠨ ᠦᠨᠳᠦᠰᠦ ᠮᠥᠨ᠃ ᠪᠠᠰᠠ ᠯᠦᠳᠦᠳᠳᠣᠷᠵᠢ ᠱᠠᠨᠪᠠ ᠭᠡᠳᠡᠭ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃1.5m ᠥᠨᠳᠥᠷ᠂ ᠡᠰᠢ ᠨᠢ ᠰᠢᠯᠤᠭᠤᠨ᠂ ᠦᠰᠦ ᠦᠭᠡᠢ ᠪᠤᠶᠤ ᠴᠥᠭᠡᠪᠲᠦᠷ ᠦᠰᠦ ᠲᠡᠢ᠃ ᠡᠰᠢᠨ ᠳ᠋ᠡᠬᠢ ᠨᠠᠪᠴᠢ ᠨᠢ 3~6 ᠢᠯᠲᠠᠰᠤ ᠪᠠᠷ ᠳᠤᠭᠤᠢᠷᠠᠨ ᠤᠷᠭᠤᠨ᠎ᠠ᠂ ᠨᠠᠪᠴᠢ ᠨᠢ ᠪᠠᠷᠢᠭᠤᠯ ᠦᠭᠡᠢ᠃ ᠨᠠᠪᠴᠢᠨ ᠢᠯᠲᠠᠰᠤ ᠨᠢ ᠥᠨᠳᠡᠭᠡᠯᠵᠢᠨ ᠲᠣᠭᠣᠷᠢᠭ᠂ ᠤᠷᠲᠤ ᠥᠨᠳᠡᠭᠡᠯᠵᠢᠨ ᠪᠤᠶᠤ ᠥᠨᠳᠡᠭᠡᠯᠵᠢᠨ ᠰᠢᠭ ᠬᠠᠪᠲᠠᠭᠠᠢ ᠲᠡᠪᠡᠨᠡ ᠬᠡᠯᠪᠡᠷᠢ ᠲᠡᠢ᠂ 6~14cm ᠤᠷᠲᠤ᠂ ᠬᠢᠷᠥᠭᠡᠨ ᠰᠢᠳᠦᠲᠦ ᠬᠥᠪᠡᠭᠡ ᠲᠡᠢ᠂ ᠬᠣᠶᠠᠷ ᠲᠠᠯ᠎ᠠ ᠳ᠋ᠤᠨᠢ ᠣᠬᠣᠷ ᠵᠥᠭᠡᠯᠡᠨ ᠦᠰᠦ ᠲᠡᠢ᠃ ᠴᠣᠮᠬᠠᠨ ᠪᠠᠭ ᠴᠡᠴᠡᠭ ᠨᠢ ᠬᠡᠳᠦᠨ ᠮᠥᠷ ᠢ᠋ᠶ᠋ᠡᠷ ᠨᠡᠢᠯᠡᠵᠦ ᠨᠠᠷᠢᠨ ᠱᠣᠷᠣᠯᠵᠢᠨ ᠬᠡᠯᠪᠡᠷᠢ ᠲᠡᠢ ᠪᠣᠯᠳᠠᠭ᠃ ᠲᠣᠭᠳᠣᠢ ᠶ᠋ᠢᠨ ᠬᠣᠭᠣᠯᠠᠢ ᠨᠢ ᠲᠣᠩᠭᠣᠷᠤᠤ ᠱᠣᠷᠣᠯᠵᠢᠨ ᠬᠡᠯᠪᠡᠷᠢ ᠲᠡᠢ᠂ ᠲᠣᠭᠳᠣᠢ ᠳᠡᠭᠡᠷ᠎ᠡ ᠨᠢ ᠦᠰᠦ ᠦᠭᠡᠢ᠂ 5 ᠣᠨᠢ ᠲᠠᠢ᠂ ᠰᠡᠵᠢᠭᠦᠷ ᠢᠯᠲᠠᠰᠤ ᠨᠢ ᠦᠷᠦᠮ ᠬᠡᠯᠪᠡᠷᠢ ᠲᠡᠢ᠂1~2.5 mm ᠤᠷᠲᠤ᠂ ᠪᠦᠲᠦᠨ ᠬᠥᠪᠡᠭᠡ ᠲᠡᠢ᠂ ᠴᠡᠴᠡᠭ ᠦ᠋ᠨ ᠳᠡᠯᠪᠢ ᠨᠢ ᠬᠤᠩᠬ᠎ᠠ ᠬᠡᠯᠪᠡᠷᠢ ᠲᠡᠢ᠂ ᠬᠥᠬᠡ ᠪᠤᠶᠤ ᠪᠣᠷᠣᠪᠲᠤᠷ ᠬᠥᠬᠡ᠂ 7~10mm ᠤᠷᠲᠤ᠂ ᠳᠡᠭᠡᠷ᠎ᠡ ᠬᠡᠰᠡᠭ ᠨᠢ ᠵᠢᠭᠠᠬᠠᠨ ᠨᠠᠷᠢᠰᠤᠭᠰᠠᠨ ᠪᠠᠢᠳᠠᠭ᠂ ᠰᠡᠵᠢᠭᠦᠷ ᠢᠯᠲᠠᠰᠤ ᠨᠢ 5᠂ ᠭᠤᠷᠪᠠᠯᠵᠢᠨ ᠬᠡᠯᠪᠡᠷᠢ ᠲᠡᠢ᠂ 2 mm ᠣᠷᠴᠢᠮ ᠤᠷᠲᠤ᠃ 5 ᠡᠷ᠎ᠡ ᠲᠣᠭᠣᠷᠴᠣᠭ ᠲᠠᠢ᠂ ᠴᠡᠴᠡᠭ ᠦ᠋ᠨ ᠳᠡᠯᠪᠢ ᠶ᠋ᠢᠨ ᠤᠭ ᠤ᠋ᠨ ᠬᠡᠰᠡᠭ ᠲᠦ᠍ ᠪᠠᠢᠷᠢᠯᠠᠨ᠎ᠠ᠃ ᠳᠣᠬᠢᠭᠤᠷ ᠤ᠋ᠨ ᠤᠭ ᠨᠢ ᠥᠷᠭᠡᠨ᠂ ᠤᠮᠠᠢ ᠶ᠋ᠢᠨ ᠳᠡᠭᠡᠷ᠎ᠡ ᠬᠡᠰᠡᠭ ᠲᠤᠨᠢ ᠮᠢᠬᠠᠯᠢᠭ ᠴᠡᠴᠡᠭ ᠦ᠋ᠨ ᠰᠠᠭᠤᠳᠠᠯ ᠲᠠᠢ᠂ ᠪᠠᠭᠠᠨ᠎ᠠ ᠨᠢ 2cm ᠣᠷᠴᠢᠮ ᠤᠷᠲᠤ᠂ ᠠᠮᠠᠰᠠᠷ ᠨᠢ 2 ᠣᠨᠢ ᠲᠠᠢ᠃ ᠬᠣᠩᠭᠣᠷᠴᠣᠭᠲᠤ ᠵᠢᠮᠢᠰ ᠨᠢ ᠪᠥᠮᠪᠥᠭᠡᠯᠢᠭ᠂ ᠱᠣᠷᠣᠯᠵᠢᠨ ᠪᠤᠶᠤ ᠥᠨᠳᠡᠭᠡᠯᠵᠢᠨ ᠬᠡᠯᠪᠡᠷᠢ ᠲᠡᠢ᠂ 6 mm ᠣᠷᠴᠢᠮ ᠤᠷᠲᠤ᠂ ᠳ᠋ᠢᠶᠠᠮᠧᠲ᠋ᠷ ᠨᠢ 4~5 mm᠃ ᠰᠢᠷᠠᠪᠲᠤᠷ ᠤᠯᠠᠪᠤᠷ ᠦᠷ᠎ᠡ ᠲᠡᠢ᠂ ᠵᠢᠭᠠᠬᠠᠨ ᠬᠠᠪᠲᠠᠭᠠᠢ᠂ ᠵᠢᠷᠤᠭᠠᠰᠤ ᠠᠷᠲᠠᠢ᠂ ᠢᠷᠮᠡᠭ ᠨᠢ ᠴᠠᠭᠠᠨ᠂ ᠪᠦᠰᠡ ᠬᠡᠯᠪᠡᠷᠢ ᠲᠡᠢ ᠪᠣᠯᠳᠠᠭ᠃ 7 ~ 9 ᠳ᠋ᠦ᠍ᠭᠡᠷ ᠰᠠᠷ᠎ᠠ ᠳ᠋ᠤ᠌ ᠴᠡᠴᠡᠭᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠪᠤᠲᠠ ᠰᠥᠭᠡᠭ ᠦ᠋ᠨ ᠳᠤᠮᠳᠠ ᠪᠤᠶᠤ ᠲᠠᠯ᠎ᠠ ᠭᠠᠵᠠᠷ ᠤᠷᠭᠤᠨ᠎ᠠ᠃ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠵᠡᠭᠦᠨ ᠡᠮᠦᠨᠡᠲᠦ ᠣᠷᠣᠨ᠂ ᠭᠤᠸᠠᠩᠳᠦᠩ᠂ ᠭᠤᠸᠠᠩᠰᠢ᠂ ᠰᠧᠴᠤᠸᠠᠨ᠂ ᠭᠦᠢᠵᠧᠦ᠂ ᠶᠦᠨᠨᠠᠨ ᠳ᠋ᠤ᠌ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠨᠠᠮᠤᠷ᠂ ᠬᠠᠪᠤᠷ ᠦᠨᠳᠦᠰᠦ ᠶ᠋ᠢ ᠨᠢ ᠮᠠᠯᠲᠠᠨ ᠠᠪᠴᠤ ᠰᠠᠬᠠᠯ ᠦᠨᠳᠦᠰᠦ ᠶ᠋ᠢ ᠨᠢ ᠠᠷᠢᠯᠭᠠᠨ᠂ ᠤᠬᠢᠶᠠᠨ ᠴᠡᠪᠡᠷᠯᠡᠭᠡᠳ ᠦᠨᠳᠦᠰᠦ ᠶ᠋ᠢᠨ ᠬᠠᠯᠢᠰᠤ ᠶ᠋ᠢ ᠨᠢ ᠬᠤᠰᠤᠵᠤ ᠬᠠᠶᠠᠭᠠᠳ ᠨᠠᠷᠠᠨ ᠳ᠋ᠤ᠌ ᠬᠠᠲᠠᠭᠠᠬᠤ ᠪᠤᠶᠤ ᠬᠠᠭᠰᠠᠭᠠᠵᠤ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ᠂ ᠭᠣᠰᠢᠭᠤᠨ᠂ ᠡᠬᠡᠭᠦᠨ ᠠᠮᠲᠠ ᠲᠠᠢ ᠃ ᠰᠡᠷᠢᠭᠦᠨ ᠴᠢᠨᠠᠷ ᠲᠠᠢ᠃ ᠬᠤᠷᠴᠠ᠂ ᠵᠥᠭᠡᠯᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ]
ᠬᠠᠪᠤᠳᠠᠷ ᠢ᠋ ᠬᠠᠷᠢᠭᠤᠯᠬᠤ᠂ ᠰᠢᠷ᠎ᠠ ᠤᠰᠤ ᠶ᠋ᠢ ᠠᠷᠢᠯᠭᠠᠬᠤ᠂ ᠬᠥᠰᠢᠭᠰᠡᠨ ᠢ᠋ ᠲᠠᠯᠪᠢᠭᠳᠠᠭᠤᠯᠬᠤ ᠴᠢᠳᠠᠯ ᠲᠠᠢ᠃ ᠭᠣᠣᠯᠳᠠᠭᠤ ᠪᠠᠮ᠂ ᠲᠤᠯᠠᠢ᠂ ᠬᠡᠷᠦᠬᠦ᠂ ᠦᠶ᠎ᠡ ᠭᠡᠰᠢᠭᠦᠦ ᠶ᠋ᠢᠨ ᠰᠢᠷ᠎ᠠ ᠤᠰᠤᠨ ᠡᠪᠡᠳᠴᠢᠨ᠂ ᠨᠢᠶᠠᠨ ᠬᠠᠪᠤᠳᠠᠷ᠂ ᠦᠬᠡᠷ ᠢᠯᠢᠳᠦ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 轮叶沙参
ᠠᠩᠭ᠌ᠯᠢ ᠨᠡᠷ᠎ᠡ᠄ Adenophora tetraphyua (Thunb.) Fisch.
ᠦᠰᠦᠭ ᠠᠮᠢᠯᠠᠭᠤᠯᠤᠭᠴᠢ᠄ ᠡᠷᠳᠡᠨᠢᠭᠣᠸ᠎ᠠ
ᠬᠢᠨᠠᠭᠴᠢ᠄ ᠲᠤᠶᠠᠭ᠎ᠠ
