ᠰᠦᠯᠳᠡ ᠶᠢᠨ ᠰᠣᠶᠣᠯ ᠤᠨ ᠰᠤᠳᠤᠯᠤᠯ – ᠮᠢᠩᠵᠤᠤᠷ ᠵᠣᠬᠢᠶᠠᠪᠠ <ᠡᠮᠦᠨᠡᠬᠢ ᠦᠭᠡ> Сүлдийн соёлын судлал – Минжуур зохиоов ᠂Өмнөх үг
ᠡᠮᠦᠨᠡᠬᠢ ᠦᠭᠡ
ᠳᠡᠭᠡᠳᠦ ᠪᠦᠯᠦᠭ ᠲᠦ᠍ ᠡᠷᠳᠡᠮ ᠰᠢᠨᠵᠢᠯᠡᠭᠡᠨ ᠤ ᠰᠡᠳᠬᠦᠯ ᠪᠣᠯᠤᠨ ᠤᠷᠤᠨ ᠠᠢᠮᠠᠭ ᠤ᠋ᠨ ᠬᠣᠶᠠᠷ ᠱᠠᠲᠤᠨ ᠤ᠋ ᠨᠠᠮ ᠵᠠᠰᠠᠭ ᠤ᠋ᠨ ᠰᠣᠨᠢᠨ ᠳᠡᠭᠡᠷ᠎ᠡ ᠨᠡᠢᠲᠡᠯᠡᠭᠳᠡᠭᠰᠡᠨ ᠮᠣᠩᠭᠣᠯ ᠬᠢᠲᠠᠳ ᠬᠡᠯᠡᠨ ᠤ ᠥᠭᠦᠯᠡᠯ ᠦ᠋ᠳ ᠢ᠋ ᠲᠡᠭᠦᠨ ᠤ ᠨᠡᠢᠲᠡᠯᠡᠭᠳᠡᠭᠰᠡᠨ ᠴᠠᠭ ᠬᠤᠭᠤᠴᠠᠭ᠎ᠠ ᠶ᠋ᠢᠨ ᠳᠡᠰ ᠳᠠᠷᠠᠭ᠎ᠠ ᠪᠠᠷ ᠨᠢ ᠴᠤᠭᠯᠠᠭᠤᠯᠤᠨ ᠣᠷᠣᠭᠤᠯᠵᠠᠢ᠃ ᠡᠳᠡᠭᠡᠷ ᠥᠭᠦᠯᠡᠯ ᠨᠢ ᠴᠠᠭᠠᠨ᠂ ᠬᠠᠷ᠎ᠠ ᠪᠣᠯᠤᠨ ᠠᠯᠠᠭ ᠭᠤᠷᠪᠠᠨ ᠰᠦᠯᠳᠡ ᠶ᠋ᠢᠨ ᠲᠡᠦᠬᠡ ᠪᠠ ᠰᠣᠶᠣᠯ ᠤ᠋ᠨ ᠠᠭᠤᠯᠤᠭᠳᠠᠬᠤᠨ᠂ ᠢᠯᠠᠩᠭᠤᠶ᠎ᠠ ᠶᠤᠸᠠᠨ ᠤᠯᠤᠰ ᠤ᠋ᠨ ᠦᠶ᠎ᠡ ᠶ᠋ᠢᠨ ᠴᠠᠭᠠᠨ᠂ ᠬᠠᠷ᠎ᠠ ᠪᠣᠯᠤᠨ ᠠᠯᠠᠭ ᠭᠤᠷᠪᠠᠨ ᠰᠦᠯᠳᠡ ᠶ᠋ᠢᠨ ᠲᠡᠦᠬᠡ ᠪᠠ ᠰᠣᠶᠣᠯ ᠤ᠋ᠨ ᠠᠭᠤᠯᠤᠭᠳᠠᠬᠤᠨ ᠳ᠋ᠤ᠌ ᠲᠣᠳᠣᠯᠠᠯᠲᠠ᠂ ᠲᠠᠢᠯᠪᠤᠷᠢᠯᠠᠯᠲᠠ ᠪᠣᠯᠤᠨ ᠨᠤᠲᠠᠯᠠᠯᠲᠠ ᠬᠢᠪᠡ᠃ ᠰᠤᠳᠤᠯᠭᠠᠨ ᠤ᠋ ᠦᠷ᠎ᠡ ᠪᠦᠲᠦᠭᠡᠯ ᠨᠢ ᠨᠡᠢᠭᠡᠮ ᠤᠨ ᠡᠯ᠎ᠡ ᠡᠲᠡᠭᠡᠳ ᠦ᠋ᠳ ᠥᠷᠭᠡᠨ ᠠᠩᠬᠠᠷᠤᠯ ᠪᠠ ᠵᠥᠪᠰᠢᠶᠡᠷᠡᠯ ᠢ᠋ ᠣᠯᠵᠠᠢ᠃ ᠭᠣᠣᠯ ᠪᠦᠲᠦᠭᠡᠯ ᠭᠡᠪᠡᠯ:
ᠨᠢᠭᠡ ᠳ᠋ᠦ᠍᠂ ᠬᠠᠳᠠᠨᠲᠠᠶ ᠠᠭᠤᠯᠠ ᠶ᠋ᠢᠨ ᠲᠢᠶᠧ ᠹᠠᠨ ᠭᠠᠨ ᠢ᠋ ᠡᠷᠲᠡᠨ ᠤ ᠮᠣᠩᠭᠣᠯᠴᠤᠳ ᠤ᠋ᠨ ᠠᠯᠠᠭ ᠰᠦᠯᠳᠡ ᠮᠥᠨ ᠭᠡᠵᠦ ᠮᠠᠭᠠᠳᠯᠠᠵᠠᠢ᠃ ᠭᠡᠪᠡᠴᠦ ᠲᠡᠭᠦᠨ ᠢ᠋ ᠳᠡᠯᠡᠬᠡᠢ ᠶ᠋ᠢᠨ ᠰᠣᠶᠣᠯ ᠤᠨ ᠥᠪ ᠲᠦ᠍ ᠣᠷᠣᠭᠤᠯᠤᠶ᠎ᠠ ᠭᠡᠪᠡᠯ ᠪᠠᠰᠠ ᠮᠠᠰᠢ ᠠᠷᠪᠢᠨ ᠠᠰᠠᠭᠤᠳᠠᠯ ᠢ᠋ ᠲᠣᠳᠣᠯᠠᠬᠤ ᠴᠢᠬᠤᠯᠠᠲᠠᠢ ᠪᠠᠢᠯ᠎ᠠ᠃ ᠡᠢᠮᠦ ᠡᠴᠡ ᠠᠯᠠᠭ ᠰᠦᠯᠳᠡ ᠶ᠋ᠢ ᠪᠣᠰᠬᠠᠭᠰᠠᠨ ᠬᠥᠮᠦᠰ᠂ ᠵᠣᠷᠢᠯᠭ᠎ᠠ ᠴᠠᠭ ᠬᠤᠭᠤᠴᠠᠭ᠎ᠠ ᠪᠣᠯᠤᠨ ᠭᠠᠵᠠᠷ ᠣᠷᠣᠨ᠃ ᠠᠯᠠᠭ ᠰᠦᠯᠳᠡ ᠶ᠋ᠢ ᠦᠢᠯᠡᠳᠦᠨ ᠪᠦᠲᠦᠭᠡᠬᠦ᠂ ᠬᠦᠨᠳᠦᠯᠡᠨ ᠪᠣᠰᠬᠠᠬᠤ ᠪᠣᠯᠤᠨ᠂ ᠲᠡᠭᠦᠨ ᠤ ᠳᠠᠭᠠᠯᠲᠠ ᠪᠠᠷᠢᠯᠭ᠎ᠠ ᠶ᠋ᠢᠨ ᠪᠦᠲᠦᠭᠡᠨ ᠪᠠᠢᠭᠤᠯᠤᠯᠲᠠ; ᠠᠯᠠᠭ ᠰᠦᠯᠳᠡ ᠶ᠋ᠢ ᠲᠠᠬᠢᠬᠤ ᠬᠡᠯᠪᠡᠷᠢ᠂ ᠳᠡᠰ ᠳᠠᠷᠠᠭ᠎ᠠ ᠪᠣᠯᠤᠨ ᠴᠠᠭ ᠬᠤᠭᠤᠴᠠᠭ᠎ᠠ᠃ ᠲᠢᠶᠧ ᠹᠠᠨ ᠭᠠᠨ ᠭᠡᠰᠡᠨ ᠨᠡᠷᠡᠢᠳᠦᠯ ᠤᠨ ᠪᠣᠢ ᠪᠣᠯᠤᠭᠰᠠᠨ ᠣᠨ ᠵᠢᠯ ᠵᠡᠷᠭᠡ ᠠᠰᠠᠭᠤᠳᠠᠯ ᠳ᠋ᠤ᠌ ᠨᠤᠲᠠᠯᠠᠯᠲᠠ ᠬᠢᠵᠡᠢ᠃ ᠡᠭᠦᠨ ᠤ ᠵᠡᠷᠭᠡᠴᠡᠭᠡ ᠪᠡᠷ ᠪᠠᠰᠠ ᠬᠠᠲᠠᠨᠲᠠᠶ ᠠᠭᠤᠯᠠ ᠶ᠋ᠢᠨ ᠠᠯᠠᠭ ᠰᠦᠯᠳᠡ ᠶ᠋ᠢᠨ ᠰᠡᠷᠭᠦᠭᠡᠯᠲᠡ ᠵᠢᠷᠤᠭ (ᠳᠥᠭᠥᠮᠴᠢᠯᠡᠨ HAF ᠵᠢᠷᠤᠭ ᠭᠡᠳᠡᠭ) ᠢ᠋ ᠵᠢᠷᠤᠵᠤ ᠭᠠᠷᠭᠠᠭᠠᠳ ᠰᠢᠯᠢ ᠶ᠋ᠢᠨ ᠭᠣᠣᠯ ᠠᠢᠮᠠᠭ ᠤ᠋ᠨ ᠶᠤᠸᠠᠨ ᠤ᠋ ᠳᠡᠭᠡᠳᠦ ᠨᠡᠢᠰᠯᠡᠯ ᠤᠨ ᠪᠠᠭᠤᠷᠢ ᠶ᠋ᠢ ᠳᠡᠯᠡᠬᠡᠢ ᠶ᠋ᠢᠨ ᠰᠣᠶᠣᠯ ᠤ᠋ᠨ ᠥᠪ ᠢ᠋ᠶ᠋ᠡᠷ ᠮᠡᠳᠡᠭᠦᠯᠬᠦ ᠤᠳᠤᠷᠢᠳᠬᠤ ᠳᠤᠭᠤᠢᠯᠠᠩ (ᠰᠣᠶᠣᠯ ᠲᠠᠮᠢᠷ ᠤ᠋ᠨ ᠲᠣᠪᠴᠢᠶᠠᠨ ᠤ᠋ ᠭᠣᠣᠯ ᠤᠳᠤᠷᠢᠳᠤᠯᠭ᠎ᠠ) ᠳ᠋ᠤ᠌ ᠨᠢᠭᠡ ᠬᠤᠪᠢ ᠶ᠋ᠢ ᠭᠠᠷᠳᠠᠭᠤᠯᠤᠨ ᠥᠭᠪᠡ᠃ 2011 ᠣᠨ ᠳ᠋ᠤ᠌ 《HAF ᠵᠢᠷᠤᠭ》 ᠢ ᠦᠨᠳᠦᠰᠦᠯᠡᠵᠦ᠂ ᠬᠠᠲᠠᠨᠲᠠᠢ ᠠᠭᠤᠯᠠ ᠶ᠋ᠢᠨ ᠠᠯᠠᠭ ᠰᠦᠯᠳᠡ ᠶ᠋ᠢᠨ ᠤᠤᠯ ᠳᠦᠷᠢ ᠶ᠋ᠢ ᠰᠡᠷᠭᠦᠭᠡᠨ ᠪᠦᠲᠦᠭᠡᠭᠡᠳ 《ᠠᠩᠬᠠᠳᠤᠭᠠᠷ ᠬᠤᠭᠤᠴᠠᠭᠠᠨ ᠤ᠋ ᠶᠤᠸᠠᠨ ᠤ᠋ ᠳᠡᠭᠡᠳᠦ ᠨᠡᠢᠰᠯᠡᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ》 ᠳ᠋ᠤ᠌ ᠳᠡᠪᠰᠢᠭᠦᠯᠪᠡ᠃ ᠣᠯᠠᠨ ᠵᠢᠯ ᠤᠨ ᠴᠥᠬᠥᠷᠡᠯᠲᠡ ᠦᠭᠡᠢ ᠰᠤᠳᠤᠯᠭᠠᠨ ᠢ᠋ᠶ᠋ᠠᠷ ᠳᠠᠮᠵᠢᠨ᠂ ᠠᠯᠠᠭ ᠰᠦᠯᠳᠡ ᠶ᠋ᠢᠨ ᠰᠣᠶᠣᠯ ᠢ᠋ᠶ᠋ᠠᠷ ᠭᠣᠣᠯ ᠠᠭᠤᠯᠭ᠎ᠠ ᠪᠠᠨ ᠪᠣᠯᠭᠠᠭᠰᠠᠨ ᠬᠠᠳᠠᠨᠲᠠᠢ ᠠᠭᠤᠯᠠ ᠶ᠋ᠢᠨ ᠰᠣᠶᠣᠯ ᠤ᠋ᠨ ᠥᠪ ᠢ᠋ ᠨᠡᠯᠢᠶᠡᠳ ᠪᠦᠷᠢᠨ ᠪᠦᠲᠦᠨ ᠢ᠋ᠶ᠋ᠡᠷ ᠢᠯᠡᠷᠡᠭᠦᠯᠵᠦ ᠴᠢᠳᠠᠵᠠᠢ᠃ ᠨᠡᠢᠭᠡᠮ ᠤᠨ ᠦᠷ᠎ᠡ ᠠᠰᠢᠭ ᠤ᠋ᠨ ᠲᠠᠯ᠎ᠠ ᠠ᠋ᠴᠠ ᠬᠡᠯᠡᠪᠡᠯ 2011 ᠣᠨ ᠳ᠋ᠤ᠌ ᠰᠠᠷᠠᠨᠬᠤᠸᠠᠷ ᠮᠢᠨᠦ ᠰᠣᠨᠢᠨ ᠰᠡᠳᠬᠦᠯ ᠳᠡᠭᠡᠷ᠎ᠡ ᠨᠡᠢᠲᠡᠯᠡᠭᠳᠡᠵᠦ ᠥᠩᠭᠡᠷᠡᠭᠰᠡᠨ ᠠᠯᠠᠭ ᠰᠦᠯᠳᠡ ᠶ᠋ᠢᠨ ᠲᠤᠬᠠᠢ ᠡᠷᠳᠡᠮ ᠰᠢᠨᠵᠢᠯᠡᠭᠡᠨ ᠤ ᠥᠭᠦᠯᠡᠯ ᠦ᠋ᠳ ᠢ᠋ ᠴᠤᠭᠯᠠᠭᠤᠯᠵᠤ᠂ 《ᠬᠠᠳᠠᠨᠲᠠᠢ ᠠᠭᠤᠯᠠ ᠶ᠋ᠢᠨ ᠠᠯᠠᠭ ᠰᠦᠯᠳᠡ》 ᠭᠡᠰᠡᠨ ᠨᠣᠮ ᠢ᠋ ᠬᠡᠪᠯᠡᠭᠦᠯᠦᠨ ᠲᠠᠷᠬᠠᠭᠠᠪᠠ᠃ ᠡᠨᠡ ᠬᠦ᠌ ᠲᠣᠪᠬᠢᠮᠠᠯ ᠨᠢ ᠨᠡᠢᠭᠡᠮ ᠤᠨ ᠡᠯ᠎ᠡ ᠡᠲᠡᠭᠡᠳ ᠤᠨ ᠬᠠᠳᠠᠨᠲᠠᠢ ᠠᠭᠤᠯᠠ ᠶ᠋ᠢᠨ ᠰᠣᠶᠣᠯ ᠤ᠋ᠨ ᠥᠪ ᠢ᠋ ᠣᠢᠯᠠᠭᠠᠬᠤ ᠳ᠋ᠤ᠌ ᠵᠣᠬᠢᠬᠤ ᠦᠢᠯᠡᠳᠦᠯ ᠭᠠᠷᠭᠠᠭᠰᠠᠨ ᠨᠢ ᠯᠠᠪᠲᠠᠢ ᠪᠠᠢᠬ᠎ᠠ᠃
ᠬᠣᠶᠠᠷ ᠲᠤ᠌᠂ ᠴᠠᠭᠠᠨ᠂ ᠬᠠᠷ᠎ᠠ ᠪᠣᠯᠤᠨ ᠠᠯᠠᠭ ᠭᠤᠷᠪᠠᠨ ᠰᠦᠯᠳᠡ ᠶ᠋ᠢᠨ ᠲᠤᠰ ᠪᠦᠷᠢ ᠶ᠋ᠢᠨ ᠮᠡᠨᠳᠦᠯᠡᠭᠰᠡᠨ ᠴᠠᠭ ᠦᠶ᠎ᠡ ᠶ᠋ᠢ ᠰᠢᠨᠵᠢᠨ ᠮᠠᠭᠠᠳᠯᠠᠭᠰᠠᠨ ᠰᠠᠭᠤᠷᠢᠨ ᠳᠡᠭᠡᠷ᠎ᠡ ᠴᠠᠭᠠᠨ ᠬᠠᠷ᠎ᠠ ᠪᠣᠯᠤᠨ ᠠᠯᠠᠭ ᠭᠤᠷᠪᠠᠨ ᠰᠦᠯᠳᠡ ᠶ᠋ᠢᠨ ᠰᠣᠶᠣᠯ ᠢ᠋ ᠪᠡᠯᠭᠡᠳᠡᠯ ᠤᠨ ᠰᠣᠶᠣᠯ᠂ ᠱᠠᠰᠢᠨ ᠰᠤᠷᠲᠠᠬᠤᠨ ᠤ᠋ ᠰᠣᠶᠣᠯ ᠪᠣᠯᠤᠨ ᠦᠢᠯᠡᠳᠬᠦ ᠰᠣᠶᠣᠯ ᠭᠡᠰᠡᠨ ᠭᠤᠷᠪᠠᠨ ᠲᠥᠷᠥᠯ ᠪᠣᠯᠭᠠᠨ ᠬᠤᠪᠢᠶᠠᠭᠰᠠᠨ ᠮᠥᠷᠲᠡᠭᠡᠨ ᠲᠡᠭᠦᠨ ᠤ ᠲᠤᠰ ᠪᠦᠷᠢ ᠶ᠋ᠢᠨ ᠤᠬᠠᠭᠳᠠᠬᠤᠨ ᠢ᠋ ᠳᠤᠷᠠᠳᠪᠠ᠃
ᠭᠤᠷᠪᠠ ᠳ᠋ᠤ᠌᠂ 《ᠶᠤᠸᠠᠨ ᠤᠯᠤᠰ ᠤ᠋ᠨ ᠲᠡᠦᠬᠡ》 ᠳ᠋ᠡᠬᠢ 《ᠶᠠ ᠳ᠋ᠣᠣ 》᠂ 《ᠶᠠ ᠳ᠋ᠣᠣ ᠯᠦ᠍ ᠵᠠᠩ》 ᠭᠡᠬᠦ ᠮᠡᠲᠦ ᠶ᠋ᠢᠨ ᠬᠠᠴᠢᠨ ᠰᠣᠨᠢᠨ ᠦᠭᠡ ᠶ᠋ᠢ ᠵᠠᠳᠠᠯᠤᠨ ᠮᠠᠭᠠᠳᠯᠠᠬᠤ ᠪᠠᠷ ᠳᠠᠮᠵᠢᠨ ᠶᠤᠸᠠᠨ ᠤᠯᠤᠰ ᠤ᠋ᠨ ᠦᠶ᠎ᠡ ᠳ᠋ᠦ᠍ ᠴᠠᠭᠠᠨ ᠰᠦᠯᠳᠡ ᠶ᠋ᠢ ᠶᠡᠬᠡ ᠠᠮᠤᠭᠤᠯᠠᠩ ᠲᠠᠭᠲᠤ᠂ ᠶᠡᠬᠡ ᠭᠡᠭᠡᠳᠦ ᠬᠠᠷᠰᠢ ᠪᠣᠯᠤᠨ ᠳᠡᠭᠡᠳᠦ ᠨᠡᠢᠰᠯᠡᠯ ᠬᠣᠲᠠ ᠶ᠋ᠢᠨ ᠭᠤᠷᠪᠠᠨ ᠡᠭᠦᠳᠡᠨ ᠠᠰᠠᠷ ᠳᠡᠭᠡᠷ᠎ᠡ ᠮᠠᠨᠳᠤᠭᠤᠯᠵᠤ ᠪᠠᠢᠭᠰᠠᠨ ᠶᠡᠬᠡ ᠶᠠᠪᠤᠳᠠᠯ ᠢ᠋ ᠨᠤᠲᠠᠯᠠᠵᠠᠢ᠃
ᠳᠥᠷᠪᠡ ᠳ᠋ᠦ᠍᠂ 《ᠶᠤᠸᠠᠨ ᠤᠯᠤᠰ ᠤ᠋ᠨ ᠲᠡᠦᠬᠡ 》 ᠳ᠋ᠡᠬᠢ 《ᠽᠣᠤ ᠳ᠋ᠣᠤ》᠂ 《 ᠬᠣᠰᠢᠭᠤᠴᠢ ᠲᠤᠭ (纛) ᠢ᠋ ᠮᠠᠨᠳᠤᠭᠤᠯᠪᠠᠯ 》᠂ 《ᠷᠦᠲᠦ》 ᠭᠡᠬᠦ ᠵᠡᠷᠭᠡ ᠶ᠋ᠢᠨ ᠬᠠᠴᠢᠨ ᠰᠣᠨᠢᠨ ᠦᠭᠡ ᠶ᠋ᠢ ᠵᠠᠳᠠᠯᠤᠨ ᠮᠠᠭᠠᠳᠯᠠᠬᠤ ᠪᠠᠷ ᠳᠠᠮᠵᠢᠨ ᠬᠠᠷ᠎ᠠ ᠰᠦᠯᠳᠡ ᠪᠡᠷ 《ᠳᠠᠢᠰᠤᠨ ᠢ᠋ ᠠᠶᠤᠯᠭᠠᠬᠤᠢ ᠶ᠋ᠢᠨ ᠪᠡᠯᠭᠡᠳᠡᠯ》 ᠪᠣᠯᠭᠠᠵᠤ᠂ ᠬᠣᠶᠠᠷ ᠨᠡᠢᠰᠯᠡᠯ ᠤᠨ ᠬᠣᠭᠣᠷᠣᠨᠳᠣ ᠵᠠᠯᠠᠷᠠᠨ ᠶᠠᠪᠤᠵᠤ ᠢᠷᠡᠬᠦ ᠳ᠋ᠡᠭᠡᠨ ᠲᠡᠭᠦᠨ ᠢ᠋ ᠮᠠᠨᠳᠤᠭᠤᠯᠵᠤ ᠪᠠᠢᠭᠰᠠᠨ ᠢ᠋ ᠨᠤᠲᠠᠯᠠᠭᠰᠠᠨ ᠪᠠᠢᠨ᠎ᠠ᠃
ᠲᠠᠪᠤ ᠳ᠋ᠤ᠌᠂ ᠰᠤᠳᠤᠯᠭᠠᠨ ᠤ᠋ ᠦᠷ᠎ᠡ ᠪᠦᠲᠦᠭᠡᠯ ᠰᠦᠯᠳᠡ ᠶ᠋ᠢ ᠳᠡᠭᠡᠳᠦᠯᠡᠨ ᠰᠢᠲᠦᠳᠡᠭ ᠵᠠᠩᠰᠢᠯ ᠲᠠᠢ ᠤᠶᠠᠯᠳᠤᠭᠤᠯᠤᠨ ᠰᠦᠯᠳᠡ ᠶ᠋ᠢᠨ ᠪᠡᠯᠭᠡᠳᠡᠯ ᠰᠣᠶᠣᠯ ᠢ᠋ ᠲᠣᠳᠣᠯᠠᠨ ᠥᠭᠦᠯᠡᠪᠡ᠃ ᠴᠠᠭᠠᠨ᠂ ᠬᠠᠷ᠎ᠠ ᠪᠣᠯᠤᠨ ᠠᠯᠠᠭ ᠭᠤᠷᠪᠠᠨ ᠰᠦᠯᠳᠡ ᠶ᠋ᠢᠨ ᠰᠣᠶᠣᠯ ᠪᠣᠯ ᠶᠤᠸᠠᠨ ᠤ᠋ ᠳᠡᠭᠡᠳᠦ ᠨᠡᠢᠰᠯᠡᠯ ᠤᠨ ᠰᠣᠶᠣᠯ ᠢ᠋ ᠰᠤᠳᠤᠯᠬᠤ ᠳ᠋ᠤ᠌ ᠣᠮᠲᠣᠭᠠᠢᠯᠠᠵᠤ ᠪᠣᠯᠣᠰᠢ ᠦᠭᠡᠢ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠡᠢᠮᠦ ᠡᠴᠡ ᠰᠤᠳᠤᠯᠭᠠᠨ ᠤ᠋ ᠦᠷ᠎ᠡ ᠪᠦᠲᠦᠭᠡᠯ ᠨᠢ ᠶᠤᠸᠠᠨ ᠤ᠋ ᠳᠡᠭᠡᠳᠦ ᠨᠡᠢᠰᠯᠡᠯ ᠤᠨ ᠰᠣᠶᠣᠯ ᠢ᠋ ᠠᠪᠤᠷᠠᠬᠤ᠂ ᠬᠠᠮᠠᠭᠠᠯᠠᠬᠤ ᠪᠣᠯᠤᠨ ᠬᠥᠭᠵᠢᠭᠦᠯᠬᠦ ᠳ᠋ᠦ᠍ ᠲᠤᠢᠯ ᠤ᠋ᠨ ᠴᠢᠬᠤᠯᠠ ᠦᠨ᠎ᠡ ᠥᠷᠲᠡᠭ ᠲᠡᠢ ᠶᠠᠭᠤᠮ᠎ᠠ ᠪᠣᠯᠤᠨ᠎ᠠ᠃ ᠥᠭᠦᠯᠡᠯ ᠦ᠋ᠳ ᠢ᠋ ᠬᠡᠪᠯᠡᠯ ᠳ᠋ᠦ᠍ ᠣᠷᠣᠭᠤᠯᠬᠤ ᠠ᠋ᠴᠠ ᠡᠮᠦᠨ᠎ᠡ᠂ ᠨᠡᠢᠲᠡᠯᠡᠭᠳᠡᠭᠰᠡᠨ ᠥᠭᠦᠯᠡᠯ ᠦ᠋ᠳ ᠢ᠋ ᠤᠭ ᠡᠬᠡ ᠨᠤᠤᠷᠠᠭ ᠲᠠᠢ ᠨᠢ ᠬᠠᠷᠭᠤᠭᠤᠯᠤᠨ ᠦᠵᠡᠵᠦ᠂ ᠣᠨᠴᠠ ᠵᠠᠷᠢᠮ ᠲᠡᠦᠬᠡ ᠶ᠋ᠢᠨ ᠪᠣᠳᠠᠲᠤ ᠶᠠᠪᠤᠳᠠᠯ ᠪᠣᠯᠤᠨ ᠦᠭᠡ ᠦᠰᠦᠭ ᠲᠦ᠍ ᠵᠠᠰᠠᠪᠤᠷᠢ ᠣᠷᠣᠭᠤᠯᠤᠭᠰᠠᠨ ᠮᠥᠷᠲᠡᠭᠡᠨ ᠥᠭᠦᠯᠡᠯ ᠪᠦᠷᠢ ᠶ᠋ᠢᠨ ᠠᠷᠤ ᠳ᠋ᠤᠨᠢ 《ᠵᠣᠬᠢᠶᠠᠯ ᠤ᠋ᠨ ᠲᠠᠨᠢᠯᠴᠠᠭᠤᠯᠭ᠎ᠠ》 ᠨᠡᠮᠡᠵᠡᠢ᠃
ᠤᠩᠰᠢᠭᠴᠢᠳ ᠤ᠋ᠨ ᠰᠦᠯᠳᠡ (ᠲᠤᠭ) ᠤ᠋ᠨ ᠰᠣᠶᠣᠯ ᠢ᠋ ᠵᠥᠪ ᠣᠨᠣᠪᠴᠢᠲᠠᠢ ᠣᠢᠯᠠᠭᠠᠬᠤ ᠳ᠋ᠤ᠌ ᠲᠤᠰᠠ ᠪᠣᠯᠭᠠᠬᠤ ᠶ᠋ᠢᠨ ᠲᠥᠯᠥᠭᠡ ᠳᠣᠣᠷᠠᠲᠤ ᠪᠦᠯᠦᠭ ᠲᠦ᠍ 《ᠵᠢᠷᠤᠮᠠᠯ ᠰᠦᠯᠳᠡ》 ᠶ᠋ᠢ ᠣᠷᠣᠭᠤᠯᠵᠠᠢ᠃《ᠵᠢᠷᠤᠮᠠᠯ ᠰᠦᠯᠳᠡ》 ᠪᠣᠯ ᠣᠯᠠᠨ ᠵᠦᠢᠯ ᠤᠨ ᠵᠢᠷᠤᠬᠤ ᠮᠡᠷᠭᠡᠵᠢᠯ ᠢ᠋ ᠬᠡᠷᠡᠭᠯᠡᠵᠦ᠂ ᠰᠦᠯᠳᠡ ᠶ᠋ᠢᠨ ᠤᠯᠠᠮᠵᠢᠯᠠᠯᠲᠤ ᠦᠢᠯᠡᠳᠬᠦ ᠰᠣᠶᠣᠯ ᠳ᠋ᠤ᠌ ᠲᠤᠯᠭᠠᠭᠤᠷᠢᠯᠠᠨ ᠪᠦᠲᠦᠭᠡᠭᠰᠡᠨ ᠶᠦᠮ᠃ ᠲᠡᠷᠡᠴᠢᠯᠡᠨ ᠨᠡᠷᠡᠲᠦ ᠵᠢᠷᠤᠭᠴᠢᠨ ᠰᠦᠯᠳᠡ ᠶ᠋ᠢᠨ ᠳᠦᠷᠢ ᠶ᠋ᠢ ᠵᠢᠷᠤᠵᠤ ᠪᠦᠲᠦᠭᠡᠬᠦ ᠳ᠋ᠦ᠍ ᠰᠡᠳᠬᠢᠯ ᠲᠠᠯᠪᠢᠨ ᠵᠢᠯᠣᠭᠣᠳᠤᠭᠰᠠᠨ ᠪᠠᠢᠨ᠎ᠠ᠃ ᠰᠦᠯᠳᠡ ᠶ᠋ᠢᠨ ᠰᠣᠶᠣᠯ ᠳ᠋ᠠᠭᠠᠨ ᠬᠠᠢᠷᠠᠲᠠᠢ ᠠᠬᠠᠮᠠᠳ ᠤᠳᠤᠷᠢᠳᠤᠯᠭ᠎ᠠ᠂ ᠵᠢᠷᠤᠭᠴᠢᠨ ᠪᠣᠯᠤᠨ ᠡᠷᠳᠡᠮᠲᠡᠨ ᠰᠦᠯᠳᠡ ᠶ᠋ᠢᠨ ᠵᠢᠷᠤᠮᠠᠯ ᠳᠦᠷᠢ ᠶ᠋ᠢ ᠡᠭᠦᠳᠦᠨ ᠪᠦᠲᠦᠭᠡᠭᠰᠡᠨ ᠳ᠋ᠦ᠍ ᠪᠢᠴᠢᠭᠡᠰᠦ ᠪᠣᠯᠤᠨ ᠡᠮᠦᠨᠡᠬᠢ ᠦᠭᠡ ᠪᠢᠴᠢᠨ ᠥᠭᠴᠦ ᠪᠠᠶᠠᠷ ᠬᠦᠷᠭᠡᠭᠰᠡᠨ ᠪᠠᠢᠨ᠎ᠠ᠃ ᠵᠠᠷᠢᠮ ᠰᠦᠯᠳᠡ ᠶ᠋ᠢᠨ ᠵᠢᠷᠤᠮᠠᠯ ᠳᠦᠷᠢ ᠨᠢ ᠣᠳᠣ ᠨᠢᠭᠡᠨᠲᠡ ᠬᠡᠷᠡᠭᠯᠡᠭᠳᠡᠵᠡᠢ᠃ ᠵᠢᠷᠤᠮᠠᠯ ᠰᠦᠯᠳᠡ ᠶ᠋ᠢᠨ ᠪᠣᠢ ᠪᠣᠯᠤᠭᠰᠠᠨ ᠨᠢ ᠰᠦᠯᠳᠡ ᠶ᠋ᠢᠨ ᠦᠢᠯᠡᠳᠬᠦ ᠤᠷ᠎ᠠ ᠮᠡᠷᠭᠡᠵᠢᠯ ᠤᠨ ᠭᠦᠨᠵᠡᠭᠡᠢᠷᠡᠯ ᠪᠣᠯᠬᠤ ᠮᠥᠷᠲᠡᠭᠡᠨ ᠰᠦᠯᠳᠡ ᠶ᠋ᠢ ᠦᠢᠯᠡᠳᠬᠦ ᠰᠣᠶᠣᠯ ᠤ᠋ᠨ ᠬᠥᠭᠵᠢᠯᠲᠡ ᠶ᠋ᠢᠨ ᠢᠯᠡᠷᠡᠯ ᠪᠣᠯᠤᠨ᠎ᠠ᠃
《ᠰᠦᠯᠳᠡ ᠶ᠋ᠢᠨ ᠰᠣᠶᠣᠯ ᠤ᠋ᠨ ᠰᠤᠳᠤᠯᠤᠯ》ᠨᠢ ᠬᠡᠪᠯᠡᠯ ᠳ᠋ᠦ᠍ ᠥᠭᠬᠦ ᠡᠴᠡ ᠡᠮᠦᠨ᠎ᠡ ᠡᠷᠳᠡᠮᠲᠡᠨ ᠮᠡᠷᠭᠡᠳ ᠤᠨ ᠦᠨᠡᠯᠡᠯᠲᠡ ᠶ᠋ᠢ ᠬᠦᠯᠢᠶᠡᠭᠰᠡᠨ ᠲᠤᠯᠠ ᠲᠤᠰ ᠨᠣᠮ ᠳ᠋ᠤ᠌ ᠳᠠᠭᠠᠯᠳᠤᠭᠤᠯᠤᠯ ᠪᠦᠯᠦᠭ ᠭᠠᠷᠭᠠᠵᠤ᠂ ᠲᠡᠳᠡᠨ ᠤ ᠦᠨᠡᠯᠡᠯᠲᠡ ᠵᠣᠬᠢᠶᠠᠯ ᠢ᠋ ᠪᠠᠰᠠ ᠣᠷᠣᠭᠤᠯᠪᠠ᠃
《ᠰᠦᠯᠳᠡ ᠶ᠋ᠢᠨ ᠰᠣᠶᠣᠯ ᠤ᠋ᠨ ᠰᠤᠳᠤᠯᠤᠯ》 ᠢ᠋ ᠬᠡᠪᠯᠡᠭᠦᠯᠦᠨ ᠲᠠᠷᠬᠠᠭᠠᠬᠤ ᠨᠢ ᠬᠣᠵᠢᠮ ᠰᠦᠯᠳᠡ ᠶ᠋ᠢᠨ ᠰᠣᠶᠣᠯ ᠢ᠋ ᠤᠯᠠᠮᠵᠢᠯᠠᠨ ᠬᠥᠭᠵᠢᠭᠦᠯᠵᠦ᠂ ᠦᠨᠳᠦᠰᠦᠲᠡᠨ ᠤ ᠰᠣᠶᠣᠯ ᠤ᠋ᠨ ᠬᠦᠴᠦᠷᠬᠡᠭ ᠣᠷᠣᠨ ᠢ᠋ ᠪᠦᠲᠦᠭᠡᠨ ᠪᠠᠢᠭᠤᠯᠬᠤ ᠳ᠋ᠤ᠌ ᠵᠣᠬᠢᠬᠤ ᠦᠢᠯᠡᠳᠦᠯ ᠭᠠᠷᠭᠠᠬᠤ ᠪᠣᠯᠲᠤᠭᠠᠢ ᠭᠡᠵᠦ ᠴᠢᠩ ᠰᠡᠳᠬᠢᠯ ᠡᠴᠡ ᠪᠡᠨ ᠬᠦᠰᠡᠵᠦ ᠪᠣᠢ᠂ ᠪᠠᠰᠠ ᠴᠤ᠌ ᠡᠨᠡ ᠨᠣᠮ ᠨᠢ ᠥᠷᠭᠡᠨ ᠣᠯᠠᠨ ᠤᠩᠰᠢᠭᠴᠢᠳ᠂ ᠢᠯᠠᠩᠭᠤᠶ᠎ᠠ ᠰᠦᠯᠳᠡ ᠶ᠋ᠢᠨ ᠰᠣᠶᠣᠯ ᠳ᠋ᠠᠭᠠᠨ ᠬᠠᠢᠷᠠᠲᠠᠢ ᠬᠥᠮᠦᠰ ᠤᠨ ᠬᠠᠢᠷᠠᠯᠠᠯ ᠲᠠᠭᠠᠰᠢᠶᠠᠯ ᠢ᠋ ᠣᠯᠤᠭᠰᠠᠨ ᠨᠣᠮ ᠪᠣᠯᠲᠤᠭᠠᠢ ᠭᠡᠵᠦ ᠴᠢᠩ ᠰᠡᠳᠬᠢᠯ ᠡᠴᠡ ᠪᠡᠨ ᠬᠦᠰᠡᠵᠦ ᠪᠠᠢᠨ᠎ᠠ᠃
