ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 6 Нэгэн ном тавцан үн өдөр үн тэмдэглэлээс – 6 ᠨᠠᠢᠷᠠᠭᠤᠯᠤᠯ ᠥᠭᠦᠯᠡᠯᠭᠡ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 6 Нэгэн ном тавцан үн өдөр үн тэмдэглэлээс – 6

ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 6 Нэгэн ном тавцан үн өдөр үн тэмдэглэлээс – 6

2024-12-14

478



       ᠪᠠᠭᠰᠢ ᠱᠠᠪᠢ ᠬᠣᠶᠠᠷ ᠯᠠᠮᠠ ᠪᠠᠷᠠᠭᠤᠨ ᠣᠷᠣᠨ ᠳ᠋ᠤ᠌ ᠮᠥᠷᠭᠥᠯ ᠬᠢᠬᠦ ᠪᠡᠷ ᠶᠠᠪᠤᠵᠠᠢ᠃ ᠲᠡᠭᠡᠭᠡᠳ ᠪᠤᠷᠬᠠᠨ ᠤ᠋ ᠮᠡᠨᠳᠦᠯᠡᠭᠰᠡᠨ ᠡᠳᠦᠷ ᠡᠴᠡ ᠡᠮᠦᠨ᠎ᠡ ᠣᠴᠢᠬᠤ ᠭᠡᠵᠦ ᠬᠣᠶᠠᠭᠤᠯᠠ ᠠᠮᠠᠯᠳᠠᠭᠰᠠᠨ ᠪᠣᠯᠬᠣᠷ ᠵᠠᠮ ᠵᠠᠭᠤᠷ᠎ᠠ ᠪᠠᠨ ᠵᠢᠭᠠᠬᠠᠨ 
ᠴᠦ᠍ ᠠᠮᠠᠷᠠᠭᠰᠠᠨ ᠦᠭᠡᠢ ᠶᠠᠪᠤᠵᠠᠢ᠃ ᠲᠡᠭᠡᠭᠡᠳ ᠨᠢᠭᠡ ᠡᠯᠡᠰᠦᠨ ᠴᠦᠯ ᠳ᠋ᠦ᠍ ᠣᠷᠣᠭᠠᠳ ᠶᠠᠪᠤᠵᠤ ᠪᠠᠢᠬᠤ ᠳ᠋ᠤ᠌ ᠱᠠᠪᠢ ᠨᠢ ᠪᠡᠶ᠎ᠡ ᠮᠠᠭᠤᠳᠠᠭᠠᠳ ᠤᠨᠠᠴᠢᠬᠠᠪᠠ᠃ ᠲᠡᠭᠡᠭᠡᠳ ᠪᠠᠭᠰᠢ ᠨᠢ ᠠᠷᠭ᠎ᠠ ᠪᠤᠰᠤ ᠱᠠᠪᠢ ᠪᠠᠨ ᠡᠭᠦᠷᠴᠦ ᠶᠠᠪᠤᠪᠠ᠃ ᠢᠩᠭᠢᠵᠦ ᠨᠡᠯᠢᠶᠡᠳ ᠬᠡᠳᠦᠨ ᠡᠳᠦᠷ ᠶᠠᠪᠤᠭᠠᠳ ᠪᠠᠭᠰᠢ ᠨᠢ ᠴᠦ᠍ ᠪᠡᠶ᠎ᠡ ᠨᠢ ᠡᠪᠡᠳᠴᠦ ᠬᠣᠶᠠᠭᠤᠯᠠ ᠡᠯᠡᠰᠦᠨ ᠴᠦᠯ ᠳ᠋ᠦ᠍ ᠣᠢᠴᠢᠪᠠ᠃ ᠱᠠᠪᠢ ᠨᠢ ᠶᠡᠬᠡ ᠤᠬᠢᠯᠠᠵᠤ᠄ 《ᠤᠰᠤᠯᠲᠠᠯ᠎ᠠ! ᠪᠠᠭᠰᠢ ᠠ᠋᠂ ᠥᠪᠡᠷ ᠦ᠋ᠨ ᠪᠡᠶ᠎ᠡ ᠮᠠᠭᠤᠳᠠᠭᠠᠳ ᠲᠠᠨ ᠢ᠋ ᠴᠦ᠍ ᠰᠠᠭᠠᠲᠠᠭᠠᠴᠢᠬᠠᠯ᠎ᠠ᠃ ᠠᠮᠠᠯᠠᠭᠰᠠᠨ ᠢ᠋ᠶ᠋ᠠᠨ ᠪᠡᠶᠡᠯᠡᠭᠦᠯᠵᠦ ᠲᠣᠭᠲᠠᠭᠰᠠᠨ ᠴᠠᠭ ᠲᠤ ᠬᠦᠷᠴᠦ ᠳᠡᠢᠯᠬᠦ ᠦᠭᠡᠢ ᠪᠣᠯᠴᠢᠬᠠᠯ᠎ᠠ》 ᠭᠡᠵᠡᠢ᠃ ᠲᠡᠭᠡᠭᠡᠳ ᠬᠣᠶᠠᠭᠤᠯᠠ ᠪᠠᠨ ᠡᠯᠡᠰᠦᠨ ᠴᠦᠯ ᠳ᠋ᠦ᠍ ᠨᠠᠰᠤ ᠪᠠᠷᠠᠭᠰᠠᠨ ᠶᠤᠮ ᠪᠠᠢᠵᠠᠢ᠃ ᠠᠮᠢᠳᠤᠷᠠᠯ ᠭᠡᠳᠡᠭ ᠦᠷ᠎ᠡ ᠳ᠋ᠦᠩ ᠶᠠᠮᠠᠷ ᠪᠠᠢᠬᠤ ᠭᠡᠳᠡᠭ ᠨᠢ ᠴᠢᠬᠤᠯᠠ ᠪᠢᠰᠢ ᠃ ᠣᠯᠠᠩᠬᠢ ᠬᠥᠮᠦᠰ ᠦᠷ᠎ᠡ ᠳ᠋ᠦᠩ ᠳ᠋ᠦ᠍ ᠪᠡᠨ ᠬᠦᠷᠴᠦ ᠳᠡᠢᠯᠬᠦ ᠦᠭᠡᠢ ᠮᠠᠭᠠᠳ᠂ ᠭᠡᠬᠦ ᠳ᠋ᠦ᠍ ᠪᠡᠨ ᠠᠮᠢᠳᠤᠷᠠᠯ ᠭᠡᠳᠡᠭ ᠬᠡᠳᠦᠢ ᠬᠣᠯᠠ ᠶᠠᠪᠤᠵᠤ ᠳᠡᠢᠯᠪᠡᠯ ᠲᠡᠳᠦᠢ ᠬᠣᠯᠠ ᠶᠠᠪᠤᠵᠤ ᠳᠡᠢᠯᠬᠦ ᠬᠡᠷᠡᠭᠲᠡᠢ᠃ ᠡᠨᠡ ᠪᠣᠯ ᠠᠮᠢᠳᠤᠷᠠᠯ ᠤ᠋ᠨ ᠤᠳᠬ᠎ᠠ ᠠᠭᠤᠯᠭ᠎ᠠ᠃ 

      ᠦᠰᠦᠭ ᠠᠮᠢᠯᠠᠭᠤᠯᠤᠭᠴᠢ᠄ ᠡᠩᠬᠡᠪᠠᠲᠤ 
        ᠦᠰᠦᠭ ᠬᠢᠨᠠᠭᠴᠢ᠄ ᠪᠠᠶᠠᠷᠴᠡᠴᠡᠭ