ᠨᠢᠭᠡ ᠰᠤᠷᠭᠠᠭᠤᠯᠢ ᠶ᠋ᠢᠨ ᠲᠠᠮᠢᠷ ᠤ᠋ᠨ ᠲᠠᠯᠠᠪᠤᠷ ᠲᠤ ᠡᠢᠮᠦ ᠨᠢᠭᠡ ᠰᠣᠨᠢᠷᠬᠠᠯᠲᠠᠢ ᠲᠤᠷᠰᠢᠯᠲᠠ ᠬᠢᠭᠰᠡᠨ ᠭᠡᠨ᠎ᠡ᠃ ᠡᠨᠡ ᠨᠢ ᠨᠢᠭᠡ ᠤᠳᠠᠭᠠᠨ ᠤ᠋ ᠰᠠᠭᠠᠳ ᠳᠠᠪᠠᠬᠤ ᠤᠷᠤᠯᠳᠤᠭᠠᠨ ᠪᠠᠢᠵᠠᠢ᠃ ᠭᠡᠲᠡᠯ᠎ᠡ ᠭᠦᠶᠦᠯᠲᠡ ᠶ᠋ᠢᠨ ᠵᠠᠮ ᠳ᠋ᠤ᠌ ᠬᠣᠶᠠᠷ ᠮᠧᠲ᠋ᠷ ᠲᠦ᠍ ᠨᠢᠭᠡ ᠳᠡᠭᠡᠰᠦ ᠲᠠᠲᠠᠵᠤ ᠰᠠᠭᠠᠳ ᠪᠣᠯᠭᠠᠵᠠᠢ᠃ ᠨᠡᠩ ᠰᠣᠨᠢᠷᠬᠠᠯᠲᠠᠢ ᠨᠢ ᠤᠷᠤᠯᠳᠤᠭᠠᠨ ᠳ᠋ᠤ᠌ ᠣᠷᠣᠯᠴᠠᠭᠰᠠᠳ ᠨᠢᠳᠦ ᠪᠡᠨ ᠪᠦᠲᠡᠭᠡᠵᠦ ᠣᠷᠣᠯᠴᠠᠬᠤ ᠬᠡᠷᠡᠭᠲᠡᠢ᠃ ᠤᠷᠤᠯᠳᠤᠭᠠᠨ ᠤ᠋ ᠳᠦᠷᠢᠮ ᠨᠢ ᠶᠠᠷᠢᠶᠠᠨ ᠦᠭᠡᠢ ᠳᠡᠭᠡᠰᠦᠨ ᠳᠡᠭᠡᠷ᠎ᠡ ᠬᠦᠷᠴᠦ ᠪᠣᠯᠬᠤ ᠦᠭᠡᠢ᠃ ᠤᠷᠤᠯᠳᠤᠭᠠᠨ ᠡᠬᠢᠯᠡᠬᠦ ᠡᠴᠡ ᠡᠮᠦᠨ᠎ᠡ ᠬᠢᠨᠠᠭᠴᠢᠳ ᠤ᠋ᠨ ᠳᠤᠭᠤᠢᠯᠠᠩ ᠠ᠋ᠴᠠ ᠲᠡᠳᠡᠭᠡᠷ ᠤᠷᠤᠯᠳᠤᠭᠠᠨ ᠳ᠋ᠤ᠌ ᠣᠷᠣᠯᠴᠠᠭᠰᠠᠳ ᠢ᠋ ᠭᠦᠶᠦᠯᠲᠡ ᠶ᠋ᠢᠨ ᠵᠠᠮ ᠢ᠋ᠶ᠋ᠠᠷ ᠨᠢᠭᠡ ᠤᠳᠠᠭ᠎ᠠ ᠶᠠᠪᠤᠭᠤᠯᠵᠤ《ᠪᠠᠢᠳᠠᠯ》 ᠢ᠋ ᠨᠢ ᠣᠢᠯᠠᠭᠠᠭᠤᠯᠵᠠᠢ᠃ ᠳᠠᠷᠠᠭ᠎ᠠ ᠨᠢ ᠲᠡᠳᠡ ᠨᠠᠷ ᠢ᠋ ᠨᠢᠭᠡ ᠭᠡᠷ ᠲᠦ᠍ ᠳᠠᠭᠠᠭᠤᠯᠵᠤ ᠣᠴᠢᠭᠠᠳ ᠨᠢᠳᠦ ᠶ᠋ᠢ ᠨᠢ ᠪᠦᠲᠡᠭᠡᠭᠰᠡᠨ ᠦ᠌ ᠳᠠᠷᠠᠭ᠎ᠠ ᠳᠠᠬᠢᠨ ᠤᠷᠤᠯᠳᠤᠭᠠᠨ ᠤ᠋ ᠡᠬᠢᠯᠡᠯᠲᠡ ᠶ᠋ᠢᠨ ᠴᠠᠭ ᠳᠡᠭᠡᠷ᠎ᠡ ᠠᠪᠴᠢᠷᠠᠵᠤ ᠲᠠᠯᠪᠢᠵᠠᠢ᠃ ᠳᠣᠬᠢᠶᠠᠨ ᠤ᠋ ᠫᠤᠤ ᠳᠤᠤᠭᠠᠷᠴᠤ ᠤᠷᠤᠯᠳᠤᠭᠠᠨ ᠡᠬᠢᠯᠡᠬᠦ ᠳ᠋ᠦ᠍ ᠤᠷᠤᠯᠳᠤᠵᠤ ᠪᠠᠢᠭ᠎ᠠ ᠲᠡᠳᠡᠭᠡᠷ ᠬᠥᠮᠦᠰ ᠴᠥᠮ ᠳᠡᠭᠡᠰᠦ ᠶ᠋ᠢ ᠤᠨᠠᠭᠠᠴᠢᠬᠠᠬᠤ ᠪᠣᠢ ᠭᠡᠵᠦ ᠮᠠᠰᠢ ᠬᠢᠴᠢᠶᠡᠨ ᠤᠷᠤᠭᠰᠢᠯᠠᠵᠤ ᠪᠠᠢᠬᠤ ᠳ᠋ᠤ᠌ ᠭᠠᠭᠴᠠ ᠨᠢᠭᠡ ᠬᠥᠮᠦᠨ ᠴᠢᠨᠡᠭᠡ ᠪᠡᠷ ᠢ᠋ᠶ᠋ᠡᠨ ᠭᠦᠶᠦᠵᠦ ᠬᠠᠮᠤᠭ ᠲᠦᠷᠦᠭᠦᠨ ᠳ᠋ᠦ᠍ ᠡᠴᠦᠰ ᠦ᠋ᠨ ᠴᠢᠭ ᠲᠦ᠍ ᠬᠦᠷᠴᠦ ᠲᠡᠷᠢᠭᠦᠯᠡᠭᠰᠡᠨ ᠭᠡᠨ᠎ᠡ᠃ ᠤᠷᠤᠯᠳᠤᠭᠠᠨ ᠳᠠᠭᠤᠰᠤᠭᠰᠠᠨ ᠤ᠋ ᠳᠠᠷᠠᠭ᠎ᠠ ᠬᠥᠮᠦᠰ ᠨᠢᠳᠦᠨ ᠦ᠌ ᠪᠦᠲᠡᠭᠡᠯᠭᠡ ᠪᠡᠨ ᠠᠪᠤᠭᠠᠳ ᠦᠵᠡᠭᠰᠡᠨ ᠴᠢᠨᠢ ᠭᠦᠶᠦᠯᠲᠡ ᠶ᠋ᠢᠨ ᠵᠠᠮ ᠳᠡᠭᠡᠷ᠎ᠡ ᠨᠢᠭᠡ ᠴᠦ᠍ ᠳᠡᠭᠡᠰᠦ ᠪᠠᠢᠬᠤ ᠦᠭᠡᠢ ᠭᠡᠨ᠎ᠡ᠃ ᠬᠥᠮᠦᠰ ᠲᠡᠷᠡ ᠲᠡᠷᠢᠭᠦᠯᠡᠭᠰᠡᠨ ᠬᠥᠮᠦᠨ ᠡᠴᠡ᠄《ᠲᠠ ᠲᠤᠬᠠᠢ ᠶ᠋ᠢᠨ ᠦᠶ᠎ᠡ ᠳ᠋ᠦ᠍ ᠶᠠᠭᠤ ᠭᠡᠵᠦ ᠪᠣᠳᠣᠭᠠᠳ ᠲᠡᠭᠡᠵᠦ ᠭᠦᠶᠦᠭᠰᠡᠨ ᠪᠣᠢ?》 ᠭᠡᠬᠦ ᠳ᠋ᠦ᠍᠄《ᠪᠢ ᠥᠪᠡᠷ ᠦ᠋ᠨ ᠬᠤᠷᠳᠤᠨ ᠭᠦᠶᠦᠳᠡᠭ ᠢ᠋ᠶ᠋ᠡᠨ ᠮᠡᠳᠡᠭᠳᠡᠬᠦ ᠶ᠋ᠢᠨ ᠲᠥᠯᠥᠭᠡ ᠳᠦᠷᠢᠮ ᠵᠥᠷᠢᠴᠡᠬᠦ᠂ ᠴᠢᠨᠠᠭᠰᠢᠯᠠᠪᠠᠯ ᠪᠦᠳᠦᠷᠢᠵᠦ ᠣᠢᠴᠢᠬᠤ ᠠ᠋ᠴᠠ ᠪᠤᠴᠠᠬᠤ ᠦᠭᠡᠢ ᠭᠡᠵᠦ ᠪᠣᠳᠣᠭᠰᠠᠨ ᠶᠤᠮ》 ᠭᠡᠵᠡᠢ᠃ ᠦᠨᠡᠨ ᠳ᠋ᠡᠭᠡᠨ ᠮᠠᠨ ᠤ᠋ ᠠᠮᠢᠳᠤᠷᠠᠯ ᠳ᠋ᠤ᠌ ᠴᠦ᠍ ᠭᠡᠰᠡᠨ ᠡᠢᠮᠦ ᠪᠠᠢᠳᠠᠭ᠃ ᠣᠯᠠᠩᠬᠢ ᠬᠥᠮᠦᠰ ᠥᠪᠡᠷ ᠦ᠋ᠨ ᠥᠩᠭᠡᠷᠡᠭᠰᠡᠨ ᠦ᠌ ᠲᠤᠷᠰᠢᠯᠭ᠎ᠠ ᠪᠤᠶᠤ ᠬᠠᠭᠤᠴᠢᠨ ᠰᠡᠳᠬᠢᠬᠦᠢ ᠶ᠋ᠢᠨ ᠬᠡᠪᠰᠢᠯ ᠳ᠋ᠡᠭᠡᠨ ᠪᠠᠷᠢᠭᠳᠠᠵᠤ ᠪᠠᠢᠳᠠᠭ ᠤᠴᠢᠷ ᠠ᠋ᠴᠠ ᠥᠪᠡᠷ ᠦ᠋ᠨ ᠪᠡᠶ᠎ᠡ ᠪᠡᠨ ᠢᠯᠠᠨ ᠳᠠᠪᠠᠵᠤ ᠨᠡᠩ ᠶᠡᠬᠡ ᠠᠮᠵᠢᠯᠲᠠ ᠳ᠋ᠤ᠌ ᠬᠦᠷᠴᠦ ᠴᠢᠳᠠᠬᠤ ᠦᠭᠡᠢ ᠪᠠᠢᠳᠠᠭ᠃
ᠦᠰᠦᠭ ᠠᠮᠢᠯᠠᠭᠤᠯᠤᠭᠴᠢ᠄ ᠡᠩᠬᠡᠪᠠᠲᠤ
ᠦᠰᠦᠭ ᠬᠢᠨᠠᠭᠴᠢ᠄ ᠪᠠᠶᠠᠷᠴᠡᠴᠡᠭ