ᠬᠤᠨᠴᠢᠨХунчин ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠬᠤᠨᠴᠢᠨХунчин

ᠬᠤᠨᠴᠢᠨХунчин

2024-12-21

361

ᠬᠤᠨᠴᠢᠨ

    ᠲᠤᠰ ᠡᠮ ᠪᠣᠯ ᠤᠷᠤᠭᠤᠯ ᠬᠡᠯᠪᠡᠷᠢᠲᠦ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠤᠨᠴᠢᠨ ᠪᠤᠶᠤ ᠨᠢᠯᠴᠠᠭᠠᠢ ᠬᠤᠨᠴᠢᠨ ᠤ᠋ ᠬᠠᠲᠠᠭᠠᠭᠰᠠᠨ ᠦᠨᠳᠦᠰᠦ ᠮᠥᠨ᠃ ᠪᠠᠰᠠ ᠪᠠᠪᠤᠰᠧᠷᠪᠤ᠂ ᠬᠤᠨᠴᠢᠨ ᠴᠠᠢ ᠭᠡᠳᠡᠭ᠃
   [ ᠤᠤᠯ ᠤᠷᠭᠤᠮᠠᠯ] 1 ᠬᠤᠨᠴᠢᠨ ᠣᠯᠠᠨ ᠨᠠᠰᠤᠲᠤ ᠡᠪᠡᠰᠦᠯᠢᠭ ᠤᠷᠭᠤᠮᠠᠯ᠃ ᠭᠣᠣᠯ ᠦᠨᠳᠦᠰᠦ ᠨᠢ ᠤᠷᠲᠤ ᠪᠦᠳᠦᠭᠦᠨ᠂ ᠱᠣᠷᠣᠯᠵᠢᠨ ᠰᠢᠭ᠋ ᠬᠡᠯᠪᠡᠷᠢ ᠲᠡᠢ᠂ ᠭᠠᠳᠠᠷ ᠬᠠᠯᠢᠰᠤ ᠨᠢ ᠬᠦᠷᠡᠩ᠃ ᠡᠰᠢ ᠨᠢ ᠳᠥᠷᠪᠡᠯᠵᠢᠨ᠂ 25—69cm ᠥᠨᠳᠥᠷ᠂ ᠤᠭ ᠠ᠋ᠴᠠ ᠪᠠᠨ ᠣᠯᠠᠨ ᠰᠠᠯᠠᠭᠠᠯᠠᠨ᠎ᠠ᠃ ᠮᠥᠯᠢᠬᠡᠷ ᠪᠤᠶᠤ ᠣᠬᠣᠷ ᠦᠰᠦ ᠲᠡᠢ᠃ ᠨᠠᠪᠴᠢ ᠨᠢ ᠴᠢᠭᠲᠠᠯᠠᠨ᠎ᠠ᠃ ᠥᠨᠳᠡᠭᠡᠯᠵᠢᠨ ᠬᠠᠪᠲᠠᠭᠠᠢ ᠲᠡᠪᠡᠨᠡ᠂ ᠬᠠᠪᠲᠠᠭᠠᠢ ᠲᠡᠪᠡᠨᠡ ᠪᠤᠶᠤ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂ 1.5—4.5cm ᠤᠷᠲᠤ᠂3—12mm ᠥᠷᠭᠡᠨ᠂ ᠮᠤᠬᠤᠷ ᠪᠤᠶᠤ ᠱᠣᠪᠬᠣ ᠦᠵᠦᠭᠦᠷ ᠲᠡᠢ᠂ ᠨᠠᠪᠴᠢᠨ ᠤ᠋ ᠥᠪᠥᠷ ᠨᠢ ᠮᠥᠯᠢᠬᠡᠷ ᠪᠤᠶᠤ ᠣᠬᠣᠷ ᠦᠰᠦ ᠲᠡᠢ᠂ ᠠᠷᠤ ᠳ᠋ᠤᠨᠢ ᠪᠤᠯᠴᠢᠷᠬᠠᠢ ᠲᠣᠯᠪᠣ ᠲᠠᠢ᠂ ᠭᠣᠣᠯ ᠰᠤᠳᠠᠯ ᠢ᠋ ᠨᠢ ᠳᠠᠭᠠᠭᠠᠳ ᠣᠬᠣᠷ ᠦᠰᠦ ᠲᠡᠢ ᠪᠠᠷᠢᠭᠤᠯ ᠦᠭᠡᠢ ᠪᠤᠶᠤ ᠣᠬᠣᠷ ᠪᠠᠷᠢᠭᠤᠯ ᠲᠠᠢ᠂ ᠴᠠᠴᠤᠭ ᠬᠡᠯᠪᠡᠷᠢᠲᠦ ᠪᠠᠭ ᠴᠡᠴᠡᠭ ᠨᠢ ᠨᠠᠪᠴᠢᠨ ᠰᠤᠭᠤ ᠳ᠋ᠤ᠌ ᠤᠷᠭᠤᠬᠤ ᠪᠥᠭᠡᠳ ᠴᠡᠴᠡᠭ ᠨᠢ ᠨᠢᠭᠡ ᠳᠠᠰᠢ ᠬᠠᠨᠳᠤᠵᠤ ᠳᠡᠯᠭᠡᠷᠡᠨ᠎ᠡ᠃ ᠴᠡᠴᠡᠭ ᠦ᠋ᠨ ᠲᠣᠭᠳᠣᠢ ᠨᠢ ᠬᠣᠩᠬᠣ ᠬᠡᠯᠪᠡᠷᠢ ᠲᠡᠢ᠂ ᠴᠠᠭᠠᠨ ᠤᠷᠲᠤ ᠵᠥᠭᠡᠯᠡᠨ ᠦᠰᠦ ᠲᠡᠢ᠂ ᠦᠵᠦᠭᠦᠷ ᠲᠤᠨᠢ 5 ᠣᠨᠢ ᠲᠠᠢ᠃ ᠴᠡᠴᠡᠭ ᠦ᠋ᠨ ᠳᠡᠯᠪᠢ ᠨᠢ ᠤᠷᠤᠭᠤᠯ ᠬᠡᠯᠪᠡᠷᠢ ᠲᠡᠢ᠂ ᠳᠡᠭᠡᠳᠦ ᠤᠷᠤᠭᠤᠯ ᠨᠢ ᠳᠣᠣᠷᠠᠲᠤ ᠤᠷᠤᠭᠤᠯ ᠠ᠋ᠴᠠ ᠨᠢ ᠲᠣᠮᠣ᠂ ᠬᠣᠭᠣᠯᠠᠢ ᠬᠡᠯᠪᠡᠷᠢ ᠲᠡᠢ᠂ ᠳᠡᠭᠡᠷ᠎ᠡ ᠬᠡᠰᠡᠭ ᠲᠡᠭᠡᠨ ᠲᠣᠮᠣᠷᠠᠨ᠎ᠠ᠃ ᠤᠭ ᠨᠢ ᠮᠠᠰᠢ ᠨᠠᠷᠢᠨ᠂ ᠪᠣᠷᠣ ᠥᠩᠭᠡ ᠲᠡᠢ᠂ 2—2.5cm ᠤᠷᠲᠤ᠂ ᠭᠠᠳᠠᠷ ᠨᠢ ᠣᠬᠣᠷ ᠵᠥᠭᠡᠯᠡᠨ ᠴᠠᠭᠠᠨ ᠦᠰᠦ ᠲᠡᠢ᠃4 ᠡᠷ᠎ᠡ ᠲᠣᠭᠣᠷᠴᠣᠭ ᠲᠠᠢ᠂ 2 ᠨᠢ ᠲᠣᠷᠨᠢᠭᠤᠨ ᠪᠠᠢᠳᠠᠭ᠃1 ᠡᠮ᠎ᠡ ᠲᠣᠭᠣᠷᠴᠣᠭ ᠲᠠᠢ᠂ ᠤᠮᠠᠢ ᠨᠢ4 ᠭᠦᠨ ᠣᠨᠢ ᠲᠠᠢ᠂ ᠴᠡᠴᠡᠭ ᠦ᠋ᠨ ᠪᠠᠭᠠᠨ᠎ᠠ ᠨᠢ ᠤᠭ ᠲᠤᠨᠢ ᠤᠷᠭᠤᠨ᠎ᠠ᠃ ᠵᠢᠵᠢᠭ ᠬᠠᠲᠠᠭᠤ ᠵᠢᠮᠢᠰ ᠨᠢ4᠂ ᠲᠣᠭᠣᠷᠢᠭ ᠰᠢᠭ᠋ ᠬᠠᠷ᠎ᠠ ᠥᠩᠭᠡ ᠲᠡᠢ᠃7—8 ᠳ᠋ᠤᠭᠠᠷ ᠰᠠᠷ᠎ᠠ ᠳ᠋ᠤ᠌ ᠴᠡᠴᠡᠭᠯᠡᠵᠦ᠂8—9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   2 ᠨᠢᠯᠴᠠᠭᠠᠢ ᠬᠤᠨᠴᠢᠨ ᠬᠡᠯᠪᠡᠷᠢ ᠳᠦᠷᠰᠦ ᠨᠢ ᠬᠤᠨᠴᠢᠨ ᠲᠠᠢ ᠲᠥᠰᠦᠭᠡᠲᠡᠢ᠂ ᠪᠡᠶ᠎ᠡ ᠨᠢ ᠣᠬᠣᠷ᠂10—15cm᠂ ᠴᠡᠴᠡᠭ ᠨᠢ ᠭᠦᠢᠬᠡᠨ ᠰᠢᠷ᠎ᠠ᠂ ᠴᠡᠴᠡᠭ ᠦ᠋ᠨ ᠲᠣᠭᠳᠣᠢ ᠳᠡᠭᠡᠷ᠎ᠡ ᠨᠢ ᠢᠭᠴᠤ ᠪᠤᠯᠴᠢᠷᠬᠠᠢ ᠦᠰᠦ ᠪᠠ ᠵᠥᠭᠡᠯᠡᠨ ᠦᠰᠦ ᠲᠡᠢ᠃ ᠵᠢᠵᠢᠭ ᠬᠠᠲᠠᠭᠤ ᠵᠢᠮᠢᠰ ᠨᠢ ᠤᠷᠲᠤ ᠵᠥᠭᠡᠯᠡᠨ ᠦᠰᠦ ᠲᠡᠢ᠃5—8 ᠳ᠋ᠤᠭᠠᠷ ᠰᠠᠷ᠎ᠠ ᠳ᠋ᠤ᠌ ᠴᠡᠴᠡᠭᠯᠡᠵᠦ᠂7—8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠬᠤᠨᠴᠢᠨ ᠪᠣᠯ ᠬᠡᠭᠡᠷ᠎ᠡ ᠲᠠᠯ᠎ᠠ᠂ ᠬᠠᠭᠤᠷᠠᠢ ᠠᠭᠤᠯᠠ ᠶ᠋ᠢᠨ ᠬᠠᠵᠠᠭᠤ ᠪᠠᠷ ᠤᠷᠭᠤᠨ᠎ᠠ᠃ ᠵᠡᠭᠦᠨ ᠬᠣᠢᠲᠤ ᠣᠷᠣᠨ᠂ ᠥᠪᠥᠷ ᠮᠣᠩᠭᠣᠯ᠂ ᠾᠧᠪᠧᠢ᠂ ᠾᠧᠨᠠᠨ᠂ ᠱᠠᠨᠰᠢ᠂ ᠱᠠᠨ ᠰᠢ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ ᠠ᠋ᠴᠠ ᠵᠤᠨ ᠤ᠋ ᠡᠬᠢ ᠪᠣᠯᠲᠠᠯ᠎ᠠ ᠲᠡᠭᠦᠵᠦ ᠠᠪᠴᠤ ᠪᠣᠯᠤᠨ᠎ᠠ᠃ ᠶᠡᠷᠦ ᠳ᠋ᠡᠭᠡᠨ3—4 ᠵᠢᠯ ᠤᠷᠭᠤᠭᠰᠠᠨ ᠡᠰᠢ ᠶ᠋ᠢ ᠨᠢ ᠰᠣᠩᠭᠣᠵᠤ᠂ ᠦᠨᠳᠦᠰᠦ ᠶ᠋ᠢ ᠨᠢ ᠮᠠᠯᠲᠠᠨ ᠠᠪᠴᠤ ᠡᠰᠢ᠂ ᠰᠠᠬᠠᠯ ᠦᠨᠳᠦᠰᠦ ᠪᠣᠯᠤᠨ ᠰᠢᠪᠠᠷ ᠰᠢᠷᠣᠢ ᠶ᠋ᠢ ᠨᠢ ᠠᠷᠢᠯᠭᠠᠭᠠᠳ᠂ ᠨᠠᠷᠠᠨ ᠳ᠋ᠤ᠌ ᠠᠭᠢᠷᠠᠭᠤᠯᠤᠭᠰᠠᠨ ᠤ᠋ ᠰᠡᠭᠦᠯᠡᠷ ᠢᠯᠴᠦᠦᠯᠢᠭ ᠬᠠᠯᠢᠰᠤ ᠶ᠋ᠢ ᠨᠢ ᠱᠦᠷᠭᠦᠭᠡᠨ ᠤᠨᠠᠭᠠᠭᠠᠳ ᠭᠦᠢᠴᠡᠳ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠬᠦᠢᠲᠡᠨ ᠴᠢᠨᠠᠷ ᠲᠠᠢ᠃ ᠮᠣᠬᠣᠳᠠᠭ᠂ ᠬᠥᠩᠭᠡᠨ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠵᠤ᠂ ᠬᠣᠣᠷ ᠢ᠋ ᠲᠠᠢᠯᠬᠤ ᠴᠢᠳᠠᠯ ᠲᠠᠢ᠃ ᠭᠣᠣᠯᠳᠠᠭᠤ ᠬᠣᠣᠷ ᠤ᠋ᠨ ᠬᠠᠯᠠᠭᠤᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 1黄芩 2 粘毛黄芩
   ᠠᠩᠭ᠌ᠯᠢ ᠨᠡᠷ᠎ᠡ᠄ 1 Scutellaria baicalensis Georgi 2 Scutellaria viscidula

      ᠦᠰᠦᠭ ᠠᠮᠢᠯᠠᠭᠤᠯᠤᠭᠴᠢ᠄ ᠲᠤᠶᠠᠭ᠎ᠠ
      ᠬᠢᠨᠠᠭᠴᠢ᠄ ᠲᠤᠶᠠᠭ᠎ᠠ