ᠪᠢᠳᠡ ᠠᠮᠢᠳᠤᠷᠠᠯ ᠳᠤᠮᠳᠠ ᠬᠥᠮᠦᠨ ᠲᠡᠢ ᠬᠠᠷᠢᠯᠴᠠᠬᠤ ᠳ᠋ᠤ᠌ ᠪᠠᠨ ᠦᠭᠡ ᠶ᠋ᠢ ᠡᠪᠲᠡᠢ ᠶᠠᠷᠢᠵᠤ ᠴᠢᠳᠠᠬᠤ ᠦᠭᠡᠢ ᠡᠴᠡ ᠪᠣᠯᠵᠤ ᠮᠠᠰᠢ ᠣᠯᠠᠨ ᠬᠥᠮᠦᠰ ᠢ᠋ ᠭᠣᠮᠣᠳᠠᠭᠠᠳᠠᠭ᠃ ᠨᠢᠭᠡᠨ ᠤᠴᠢᠷ ᠢ᠋ ᠰᠢᠢᠳᠪᠦᠷᠢᠯᠡᠬᠦ ᠳ᠋ᠦ᠍ ᠶᠠᠷᠢᠬᠤ ᠠᠷᠭ᠎ᠠ ᠨᠢ ᠠᠳᠠᠯᠢ ᠦᠭᠡᠢ ᠡᠴᠡ ᠪᠣᠯᠵᠤ ᠦᠷ᠎ᠡ ᠳ᠋ᠦᠩ ᠨᠢ ᠴᠦ᠍ ᠠᠳᠠᠯᠢ ᠦᠭᠡᠢ ᠪᠣᠯᠴᠢᠬᠠᠳᠠᠭ᠃ ᠲᠠ ᠨᠠᠷ ᠲᠠᠢ ᠪᠠᠨ ᠨᠢᠭᠡ ᠵᠢᠵᠢᠭ ᠦᠯᠢᠭᠡᠷ ᠬᠤᠪᠢᠶᠠᠯᠴᠠᠶ᠎ᠠ᠄ ᠨᠢᠭᠡ ᠺᠣᠮᠫᠠᠨᠢ ᠶ᠋ᠢᠨ ᠠᠵᠢᠯᠲᠠᠨ ᠮᠡᠳᠡᠭᠰᠡᠨ ᠦᠭᠡᠢ ᠪᠡᠷ ᠺᠣᠮᠫᠠᠨᠢ ᠶ᠋ᠢᠨ ᠡᠭᠦᠳᠡᠨ ᠦ᠌ ᠰᠢᠯ ᠢ᠋ ᠮᠥᠷᠭᠥᠭᠡᠳ ᠬᠠᠭᠠᠯᠤᠭᠰᠠᠨ ᠶᠤᠮ ᠪᠠᠢᠨ᠎ᠠ᠃ ᠡᠨᠡ ᠦᠶᠡᠰ ᠺᠣᠮᠫᠠᠨᠢ ᠶ᠋ᠢᠨ ᠳᠠᠭᠠᠭᠠᠮᠠᠯ ᠣᠯᠵᠤ ᠬᠠᠷᠠᠭᠠᠳ ᠶᠡᠬᠡ ᠬᠠᠯᠠᠮᠵᠢᠯᠠᠨ ᠰᠢᠷᠠᠭᠳᠤᠭᠰᠠᠨ ᠡᠰᠡᠬᠦ ᠶ᠋ᠢ ᠨᠢ ᠠᠰᠠᠭᠤᠵᠤ ᠭᠡᠨ᠎ᠡ᠃ ᠲᠡᠭᠡᠭᠡᠳ ᠶᠠᠪᠤᠬᠤ ᠦᠶ᠎ᠡ ᠳ᠋ᠦ᠍ ᠪᠡᠨ ᠬᠠᠵᠠᠭᠤ ᠳ᠋ᠤᠨᠢ ᠪᠠᠢᠭᠰᠠᠨ ᠳᠡᠳ᠋ ᠳᠠᠭᠠᠭᠠᠮᠠᠯ ᠤ᠋ᠨ ᠢ᠋ᠶ᠋ᠠᠨ ᠴᠢᠬᠢᠨ ᠳ᠋ᠦ᠍ ᠰᠡᠮᠡᠬᠡᠷ᠄《ᠴᠢ ᠡᠨᠡ ᠰᠢᠯ ᠢ᠋ ᠲᠥᠯᠥᠭᠦᠯᠬᠦ ᠬᠡᠷᠡᠭᠲᠡᠢ》 ᠭᠡᠰᠡᠨ ᠪᠠᠢᠨ᠎ᠠ᠃ ᠡᠨᠡ ᠦᠶᠡᠰ ᠳᠡᠳ᠋ ᠳᠠᠭᠠᠭᠠᠮᠠᠯ ᠨᠢ ᠬᠠᠯᠠᠮᠵᠢᠯᠠᠨ ᠠᠰᠠᠭᠤᠭᠰᠠᠨ ᠳᠠᠭᠠᠭᠠᠮᠠᠯ ᠲᠠᠢ ᠪᠠᠨ ᠬᠠᠷᠢᠭᠤᠴᠠᠪᠠᠯ ᠪᠢ《ᠮᠠᠭᠤ ᠬᠥᠮᠦᠨ》 ᠪᠣᠯᠬᠤ ᠶᠤᠮ ᠪᠠᠢᠨ᠎ᠠ ᠭᠡᠵᠦ ᠮᠠᠰᠢ ᠵᠣᠪᠠᠵᠠᠢ᠃ ᠲᠡᠭᠡᠭᠡᠳ ᠪᠣᠳᠣᠵᠤ ᠪᠣᠳᠣᠭᠠᠳ ᠲᠡᠷᠡᠬᠦ ᠠᠵᠢᠯᠴᠢᠨ ᠠ᠋ᠴᠠ᠄《ᠲᠠ ᠮᠠᠨ ᠤ᠋ ᠳᠠᠭᠠᠭᠠᠮᠠᠯ ᠢ᠋ ᠤᠤᠯ ᠨᠢ ᠲᠠᠨᠢᠳᠠᠭ ᠪᠠᠢᠬ᠎ᠠ᠂ ᠲᠠ ᠰᠠᠳᠤᠨ ᠨᠢ ᠶᠦᠮ ᠤᠤ?》 ᠭᠡᠵᠦ ᠠᠰᠠᠭᠤᠬᠤ ᠳ᠋ᠤ᠌ ᠠᠵᠢᠯᠴᠢᠨ ᠨᠢ《ᠦᠭᠡᠢ》 ᠭᠡᠵᠦ ᠬᠠᠷᠢᠭᠤᠯᠤᠭᠰᠠᠨ ᠪᠠᠢᠨ᠎ᠠ᠃ ᠲᠡᠭᠡᠬᠦ ᠪᠡᠷ ᠳᠡᠳ᠋ ᠳᠠᠭᠠᠭᠠᠮᠠᠯ᠄ (ᠲᠡᠭᠡᠭᠡᠳ ᠶᠠᠭᠠᠬᠢᠭᠠᠳ ᠳᠠᠭᠠᠭᠠᠮᠠᠯ ᠰᠠᠶᠢ ᠨᠠᠳᠠ ᠳ᠋ᠤ᠌ ᠡᠨᠡ ᠰᠢᠯ ᠢ᠋ ᠴᠢᠮ᠎ᠠ ᠪᠠᠷ ᠬᠠᠮᠤᠭ ᠳᠣᠣᠷ᠎ᠠ ᠦᠨ᠎ᠡ ᠪᠡᠷ ᠲᠦᠯᠤᠭᠦᠯᠡ ᠭᠡᠵᠦ ᠵᠠᠬᠢᠭᠰᠠᠨ ᠪᠣᠢ?》 ᠭᠡᠬᠦ ᠳ᠋ᠦ᠍ ᠨᠥᠭᠦᠭᠡ ᠠᠵᠢᠯᠴᠢᠨ ᠨᠢ ᠮᠠᠰᠢ ᠪᠠᠶᠠᠷᠯᠠᠵᠤ ᠬᠢᠮᠳᠠᠬᠠᠨ ᠰᠢᠯ ᠢ᠋ᠶ᠋ᠡᠷ ᠲᠥᠯᠥᠭᠰᠡᠨ ᠭᠡᠨ᠎ᠡ᠃ ᠦᠨᠡᠨ ᠳ᠋ᠡᠭᠡᠨ ᠪᠦᠭᠦᠳᠡᠭᠡᠷ ᠢ᠋ᠶ᠋ᠡᠨ ᠰᠢᠯ ᠲᠥᠯᠥᠬᠦ ᠯᠡ ᠤᠴᠢᠷ᠂ ᠭᠡᠲᠡᠯ᠎ᠡ ᠶᠠᠷᠢᠬᠤ ᠦᠭᠡ ᠶ᠋ᠢᠨ ᠠᠳᠠᠯᠢ ᠪᠤᠰᠤ ᠠ᠋ᠴᠠ ᠪᠣᠯᠵᠤ ᠬᠥᠮᠦᠨ ᠦ᠌ ᠰᠡᠳᠬᠢᠯ ᠳ᠋ᠦ᠍ ᠲᠤᠰᠬᠤ ᠴᠠᠭ ᠨᠢ ᠠᠳᠠᠯᠢ ᠦᠭᠡᠢ ᠪᠣᠯᠳᠠᠭ᠃ ᠡᠢᠮᠦ ᠡᠴᠡ ᠦᠭᠡ ᠬᠡᠯᠡᠬᠦ ᠳ᠋ᠦ᠍ ᠪᠡᠨ ᠰᠠᠢᠨ ᠪᠣᠳᠣᠵᠤ ᠬᠥᠮᠦᠨ ᠦ᠌ ᠰᠡᠳᠬᠢᠯ ᠳ᠋ᠦ᠍ ᠵᠥᠭᠡᠯᠡᠨ ᠲᠤᠰᠤᠯᠲᠠ ᠪᠠᠷ ᠶᠠᠷᠢᠬᠤ ᠪᠣᠯ ᠮᠠᠰᠢ ᠴᠢᠬᠤᠯᠠ ᠭᠡᠵᠦ ᠪᠢ ᠪᠣᠳᠣᠳᠠᠭ᠃
ᠦᠰᠦᠭ ᠠᠮᠢᠯᠠᠭᠤᠯᠤᠭᠴᠢ᠄ ᠡᠩᠬᠡᠪᠠᠲᠤ
ᠦᠰᠦᠭ ᠬᠢᠨᠠᠭᠴᠢ᠄ ᠪᠠᠶᠠᠷᠴᠡᠴᠡᠭ