ᠬᠡᠢᠮᠣᠷᠢ ᠰᠦᠯᠵᠢᠶᠡᠨ ᠪ ᠲᠤᠬᠠᠢ–ᠤᠯᠠᠭᠠᠨᠬᠠᠳᠠ ᠷᠠᠳᠢᠣ᠋Хийморь сүлжээний тухай–Улаанахта радио
ᠬᠡᠢᠮᠣᠷᠢ ᠰᠦᠯᠵᠢᠶ᠎ᠡ ᠤᠯᠠᠭᠠᠨᠬᠠᠳᠠ ᠷᠠᠳᠢᠣ᠋ ᠲᠧᠯᠸᠢᠰ ᠬᠣᠷᠢᠶᠠᠨ ᠤ᠋ ᠰᠢᠭᠤᠳ ᠨᠡᠪᠲᠡᠷᠡᠭᠦᠯᠭᠡ ᠪᠡᠷ ᠳᠠᠮᠵᠢᠨ ᠣᠯᠠᠨ ᠤ᠋ ᠰᠣᠨᠣᠷ ᠲᠤ ᠬᠦᠷᠦᠯ᠎ᠡ᠃
2024 ᠣᠨ ᠤ᠋12 ᠰᠠᠷ᠎ᠠ ᠶ᠋ᠢᠨ 24 ᠦ᠌ ᠡᠳᠦᠷ᠂ ᠮᠣᠩᠭᠣᠯ ᠬᠡᠦᠬᠡᠯᠳᠡᠢ ᠺᠢᠨᠣ᠋ ᠳᠤ ᠳᠤᠷᠠᠲᠠᠢ ᠪᠢᠴᠢᠬᠠᠨ ᠨᠠᠶ᠋ᠢᠵᠠ ᠬᠠᠶ᠋ᠢᠷ᠎ᠠ᠂ ᠤᠯᠠᠭᠠᠨᠬᠠᠳᠠ ᠷᠠᠳᠢᠣ᠋ ᠲᠧᠯᠸᠢᠰ ᠬᠣᠷᠢᠶᠠᠨ ᠤ᠋ ᠨᠡᠪᠲᠡᠷᠡᠭᠦᠯᠭᠡ ᠶ᠋ᠢᠨ ᠥᠷᠥᠭᠡᠨ ᠳ᠋ᠦ᠍ ᠳᠠᠭᠤᠤ ᠵᠠᠬᠢᠶᠠᠯᠠᠬᠤ ᠶ᠋ᠢᠨ ᠳᠠᠭᠠᠤ ᠬᠡᠶ᠋ᠢᠮᠣᠷᠢ ᠰᠦᠯᠵᠢᠶᠡᠨ ᠦ ᠲᠤᠬᠠᠢ ᠶᠠᠷᠢᠯᠴᠠᠯᠭ᠎ᠠ ᠥᠷᠨᠢᠭᠦᠯᠦᠭᠰᠡᠨ ᠪᠠᠶ᠋ᠢᠨ᠎ᠠ᠃
ᠳᠡᠯᠡᠬᠡᠢ ᠶ᠋ᠢᠨ ᠲᠣᠣᠷ ᠰᠦᠯᠵᠢᠶᠡᠨ ᠦ᠌ ᠲᠠᠪᠴᠠᠩ ᠳ᠋ᠤ᠌ ᠰᠢᠨᠡᠬᠡᠨ ᠮᠡᠨᠳᠦᠯᠡᠭᠡᠳ᠂ ᠭᠤᠷᠪᠠᠨ ᠵᠢᠯ ᠦ᠋ᠨ ᠣᠢ ᠪᠠᠨ ᠤᠭᠲᠤᠬᠤ ᠭᠡᠵᠦ ᠪᠠᠢᠭ᠎ᠠ ᠬᠡᠢᠮᠣᠷᠢ ᠰᠦᠯᠵᠢᠶ᠎ᠡ ᠶ᠋ᠢ ᠲᠣᠪᠴᠢ ᠳᠥᠭᠥᠮ᠂ ᠭᠣᠶᠣ ᠰᠠᠢᠬᠠᠨ ᠲᠠᠨᠢᠯᠴᠠᠭᠤᠯᠵᠤ ᠦᠭᠭᠦᠭᠰᠡᠨ ᠪᠠᠢᠨ᠎ᠠ᠃ ᠢᠩᠭᠢᠭᠡᠳ ᠰᠦᠯᠵᠢᠶᠡᠨ ᠳ᠋ᠤ᠌ ᠪᠠᠨ ᠬᠠᠢᠷᠠᠲᠠᠢ ᠰᠣᠨᠣᠰᠤᠭᠴᠢᠳ ᠤᠨ ᠬᠠᠯᠠᠭᠤᠨ ᠬᠦᠷᠢᠶᠡᠯᠡᠯ ᠢ᠋ ᠣᠯᠵᠤ᠂ ᠣᠯᠠᠨ ᠤ᠋ ᠲᠠᠭᠠᠰᠢᠶᠠᠯ ᠳ᠋ᠤ᠌ ᠬᠦᠷᠦᠭᠰᠡᠨ ᠪᠠᠢᠨ᠎ᠠ᠃
ᠬᠡᠢᠮᠣᠷᠢ ᠰᠦᠯᠵᠢᠶᠡᠨ ᠦ᠌ ᠲᠠᠨᠢᠯᠴᠠᠭᠤᠯᠭ᠎ᠠ:
ᠬᠡᠢᠮᠣᠷᠢ ᠰᠦᠯᠵᠢᠶ᠎ᠡ ᠨᠢ ᠮᠣᠩᠭᠣᠯ ᠬᠡᠦᠬᠡᠯᠳᠡᠢ ᠺᠢᠨᠣ᠋ ᠵᠦᠴᠦᠭᠡ᠂ ᠳᠣᠮᠣᠭ ᠦᠯᠢᠭᠡᠷ ᠪᠣᠯᠤᠨ ᠳᠠᠭᠤᠤ ᠰᠢᠯᠦᠭ ᠢ᠋ᠶ᠋ᠡᠷ ᠳᠠᠮᠵᠢᠨ᠂ ᠮᠣᠩᠭᠣᠯ ᠬᠡᠦᠬᠡᠳ ᠦ᠋ᠳ ᠲᠦ᠍ ᠬᠠᠷᠠᠬᠠᠨ ᠪᠠᠭ᠎ᠠ ᠠ᠋ᠴᠠ ᠪᠠᠨ ᠡᠬᠡ ᠬᠡᠯᠡᠨ ᠦ᠌ ᠣᠷᠴᠢᠨ ᠠᠬᠤᠢ ᠳ᠋ᠤ᠌ ᠦᠰᠦᠨ ᠪᠣᠢᠵᠢᠬᠤ ᠨᠥᠬᠥᠴᠡᠯ ᠢ᠋ ᠪᠦᠷᠢᠯᠳᠦᠭᠦᠯᠦᠨ ᠥᠭᠴᠦ᠂ ᠮᠣᠩᠭᠣᠯ ᠤ᠋ᠨ ᠤᠯᠠᠮᠵᠢᠯᠠᠯᠲᠤ ᠵᠠᠩ ᠦᠢᠯᠡ ᠪᠠ ≪ᠵᠠᠩᠭᠠᠷ≫ ᠵᠡᠷᠭᠡ ᠢᠵᠠᠭᠤᠷ ᠥᠪ ᠰᠣᠶᠣᠯ᠂ ᠲᠡᠦᠬᠡᠨ ᠮᠠᠲ᠋ᠧᠷᠢᠶᠠᠯ≪ᠨᠢᠭᠤᠴᠠ ᠲᠣᠪᠴᠢᠶᠠᠨ≫ ᠢᠶᠠᠨ ᠰᠤᠷᠤᠯᠴᠠᠵᠤ᠂ ᠤᠯᠠᠮ ᠴᠢᠨᠠᠭᠰᠢᠳᠠ ᠬᠥᠭᠵᠢᠭᠦᠯᠦᠨ ᠮᠠᠨᠳᠤᠭᠤᠯᠬᠤ ᠵᠣᠷᠢᠯᠭ᠎ᠠ ᠪᠠᠷ 2021 ᠣᠨ ᠤ᠋12 ᠰᠠᠷ᠎ᠠ ᠶ᠋ᠢᠨ 30 ᠤ ᠡᠳᠦᠷ ᠪᠠᠢᠭᠤᠯᠪᠠ᠃
ᠬᠡᠢᠮᠣᠷᠢ ᠰᠦᠯᠵᠢᠶᠡᠨ ᠳᠤ ᠬᠡᠦᠬᠡᠯᠳᠡᠢ ᠺᠢᠨᠣ᠋᠂ ᠵᠠᠩ ᠦᠢᠯᠡ᠂ ᠳᠠᠭᠤᠤ ᠰᠢᠯᠦᠭ ᠵᠡᠷᠭᠡ 47 ᠶᠡᠬᠡ ᠠᠩᠭᠢᠯᠠᠯ ᠲᠠᠢ᠂ 9000 ᠭᠠᠷᠤᠢ ᠠᠭᠤᠯᠭ᠎ᠠ ᠲᠠᠢ᠂ 400 ᠲᠦᠮᠡ ᠣᠷᠴᠢᠮ ᠦᠭᠡᠰ ᠦᠨ ᠰᠠᠩ ᠲᠠᠢ᠂ ᠳᠡᠯᠡᠬᠡᠢ ᠶᠢᠨ ᠪᠠᠷᠢᠮᠵᠢᠶ᠎ᠠ ᠺᠣᠳ᠋ ᠢᠶᠡᠷ ᠪᠢᠴᠢᠭᠳᠡᠭᠰᠡᠨ ᠳᠡᠯᠡᠬᠡᠢ ᠶᠢᠨ ᠶᠠᠮᠠᠷ ᠴᠤ᠌ ᠭᠠᠵᠠᠷ ᠣᠷᠣᠨ ᠡᠴᠡ ᠬᠠᠢᠵᠤ ᠦᠵᠡᠵᠦ ᠳᠡᠢᠯᠬᠦ ᠮᠣᠩᠭᠣᠯ ᠰᠦᠯᠵᠢᠶ᠎ᠡ ᠪᠣᠯᠣᠨ᠎ᠠ᠃ ᠥᠨᠥᠳᠦᠷ ᠪᠣᠯᠬᠤ ᠳᠤ ᠬᠡᠷᠡᠭᠯᠡᠭᠴᠢᠳ ᠦᠨ ᠲᠣᠭ᠎ᠠ 94 ᠲᠦᠮᠡ ᠳ᠋ᠤ᠌ ᠬᠦᠷᠴᠦ᠂ 2517 ᠲᠦᠮᠡᠨ ᠳᠠᠷᠤᠮ ᠤᠨ ᠲᠣᠭ᠎ᠠ ᠲᠠᠢ ᠪᠣᠯᠵᠤ᠂ ᠡᠳᠦᠷ ᠪᠦᠷᠢ ᠶᠢᠨ ᠳᠠᠷᠤᠮ ᠤᠨ ᠲᠣᠭ᠎ᠠ 10 ᠲᠦᠮᠡ ᠡᠴᠡ ᠳᠡᠭᠡᠭᠰᠢ ᠪᠠᠢᠨ᠎ᠠ᠃
※ ᠤᠯᠠᠭᠠᠨᠬᠠᠳᠠ ᠷᠠᠳᠢᠣ᠋ ᠲᠧᠯᠸᠢᠰ ᠬᠣᠷᠢᠶᠠᠨ ᠤ᠋ ᠰᠢᠭᠤᠳ ᠨᠡᠪᠲᠡᠷᠡᠭᠦᠯᠭᠡ ᠶᠢᠨ ᠮᠡᠷᠭᠡᠨ ᠴᠣᠬᠣᠷ ᠢ ᠰᠢᠷᠪᠢᠨ ᠣᠷᠣᠵᠤ᠂ ᠠᠩᠬᠠᠷᠤᠯ ᠢᠶ᠋ᠠᠨ ᠬᠠᠨᠳᠤᠭᠤᠯᠤᠭᠠᠷᠠᠢ!

