ᠬᠤᠯᠠᠨ ᠪᠤᠶᠠХулан буя
ᠬᠤᠯᠠᠨ ᠪᠤᠶᠠ
ᠲᠤᠰ ᠡᠮ ᠪᠣᠯ ᠪᠤᠷᠴᠠᠭ ᠤ᠋ᠨ ᠢᠵᠠᠭᠤᠷ ᠤ᠋ᠨ ᠤᠷᠭᠤᠮᠠᠯ ᠪᠣᠯᠬᠤ ᠬᠤᠯᠠᠨ ᠪᠤᠶᠠ ᠶ᠋ᠢᠨ ᠬᠠᠲᠠᠭᠠᠭᠰᠠᠨ ᠦᠨᠳᠦᠰᠦ ᠮᠥᠨ᠃
[ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃ 30—60cm ᠥᠨᠳᠥᠷ᠂ ᠢᠭᠴᠤ ᠤᠷᠭᠤᠭᠰᠠᠨ ᠣᠯᠠᠨ ᠰᠠᠯᠠᠭ᠎ᠠ ᠮᠥᠴᠢᠷ ᠲᠡᠢ᠃ ᠨᠢᠭ ᠬᠡᠪᠲᠡᠭᠡ ᠪᠤᠭᠤᠷᠤᠯ ᠲᠣᠷᠭᠠᠨ ᠦᠰᠦ ᠲᠡᠢ᠃ ᠰᠣᠨᠳᠣᠭᠣᠢ ᠥᠳᠥᠯᠢᠭ ᠨᠡᠢᠯᠡᠮᠡᠯ ᠨᠠᠪᠴᠢ ᠲᠠᠢ ᠪᠥᠭᠡᠳ ᠨᠠᠪᠴᠢ ᠨᠢ ᠴᠤᠪᠤᠷᠠᠨ ᠤᠷᠭᠤᠨ᠎ᠠ᠃ ᠵᠢᠵᠢᠭ ᠨᠠᠪᠴᠢ ᠨᠢ15—25᠂ ᠴᠠᠢᠪᠤᠷ ᠨᠣᠭᠣᠭᠠᠨ ᠥᠩᠭᠡ᠂ ᠲᠡᠭᠰᠢ ᠬᠡᠯᠪᠡᠷᠢ ᠲᠡᠢ᠂1.5—2.5cm ᠤᠷᠲᠤ᠂ ᠬᠣᠶᠠᠷ ᠲᠠᠯ᠎ᠠ ᠳ᠋ᠤᠨᠢ ᠪᠦᠷ ᠲᠣᠷᠭᠠᠨ ᠦᠰᠦ ᠲᠡᠢ᠂ ᠣᠷᠣᠢ ᠳ᠋ᠠᠬᠢ ᠵᠢᠵᠢᠭ ᠨᠠᠪᠴᠢ ᠨᠢ ᠨᠡᠯᠢᠶᠡᠳ ᠵᠢᠵᠢᠭ᠂ ᠲᠣᠰᠬᠣᠭᠤᠷ ᠨᠠᠪᠴᠢ ᠨᠢ ᠴᠦ᠍ ᠵᠢᠵᠢᠭᠬᠡᠨ᠂ ᠦᠷᠦᠮ ᠬᠡᠯᠪᠡᠷᠢ ᠲᠡᠢ᠂ ᠮᠥᠩᠬᠡ ᠣᠷᠣᠰᠢᠨ᠎ᠠ᠃ ᠴᠠᠴᠤᠭ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠃ 12—15cm ᠤᠷᠲᠤ᠃ ᠴᠡᠴᠡᠭ ᠨᠢ ᠣᠯᠠᠨ᠂ ᠴᠡᠴᠡᠭ ᠦ᠋ᠨ ᠲᠣᠭᠳᠣᠢ ᠳᠡᠭᠡᠷ᠎ᠡ ᠨᠢ ᠢᠬᠴᠤ ᠪᠤᠭᠤᠷᠤᠯ ᠲᠣᠷᠭᠠᠨ ᠦᠰᠦ ᠲᠡᠢ᠂ ᠣᠷᠣᠢ ᠳ᠋ᠤᠨᠢ ᠭᠤᠷᠪᠠᠯᠵᠢᠨ ᠬᠡᠯᠪᠡᠷᠢᠲᠦ ᠲᠣᠭᠳᠣᠢ ᠶ᠋ᠢᠨ ᠬᠡᠷᠴᠢᠶᠡᠰᠦ ᠲᠡᠢ᠃ ᠴᠡᠴᠡᠭ ᠦ᠋ᠨ ᠳᠡᠯᠪᠢ ᠨᠢ ᠡᠷᠪᠡᠭᠡᠷ ᠬᠡᠯᠪᠡᠷᠢ ᠲᠡᠢ᠂ ᠰᠢᠷ᠎ᠠ ᠥᠩᠭᠡ ᠲᠡᠢ᠃ ᠪᠤᠷᠴᠠᠭ ᠵᠢᠮᠢᠰ ᠨᠢ ᠡᠷᠢᠭᠡ ᠬᠡᠯᠪᠡᠷᠢ ᠲᠡᠢ᠂5—12cm ᠤᠷᠲᠤ᠂ ᠢᠭᠴᠤ ᠨᠠᠷᠢᠨ ᠲᠣᠷᠭᠠᠨ ᠦᠰᠦ ᠲᠡᠢ᠃ ᠦᠷ᠎ᠡ ᠨᠢ ᠰᠢᠷᠠᠩᠭᠤᠢ ᠥᠩᠭᠡ ᠲᠡᠢ᠂ ᠥᠨᠳᠡᠭᠡᠯᠵᠢᠨ ᠬᠡᠯᠪᠡᠷᠢ ᠲᠡᠢ᠃ 5—6 ᠳ᠋ᠤᠭᠠᠷ ᠰᠠᠷ᠎ᠠ ᠳ᠋ᠤ᠌ ᠴᠡᠴᠡᠭᠯᠡᠵᠦ᠂ 6—8 ᠳ᠋ᠤᠭᠠᠷ ᠰᠠᠷ᠎ᠠ ᠳ᠋ᠤ᠌ ᠵᠢᠮᠢᠰᠯᠡᠨ᠎ᠡ᠃
[ᠤᠷᠭᠤᠬᠤ ᠣᠷᠴᠢᠨ ᠬᠢᠭᠡᠳ ᠲᠠᠷᠬᠠᠴᠠ] ᠲᠣᠭᠲᠠᠮᠠᠯ ᠪᠤᠶᠤ ᠲᠣᠭᠲᠠᠮᠠᠯ ᠪᠤᠰᠤ ᠡᠯᠡᠰᠦᠨ ᠳᠣᠪᠣ᠂ ᠬᠤᠵᠢᠷᠯᠢᠭ ᠳᠣᠣᠷ᠎ᠠ ᠭᠠᠵᠠᠷ ᠢ᠋ᠶ᠋ᠠᠷ ᠤᠷᠭᠤᠨ᠎ᠠ᠃ ᠥᠪᠥᠷ ᠮᠣᠩᠭᠣᠯ᠂ ᠰᠢᠨᠵᠢᠶᠠᠩ᠂ ᠲᠥᠪᠡᠳ ᠲᠦ᠍ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠤᠨ᠂ ᠨᠠᠮᠤᠷ ᠦᠨᠳᠦᠰᠦ ᠶ᠋ᠢ ᠨᠢ ᠮᠠᠯᠲᠠᠨ ᠠᠪᠴᠤ ᠬᠡᠷᠴᠢᠮᠯᠡᠭᠡᠳ ᠨᠠᠷᠠᠨ ᠳ᠋ᠤ᠌ ᠬᠠᠲᠠᠭᠠᠨ᠎ᠠ᠃
[ ᠠᠮᠲᠠ᠂ ᠴᠢᠨᠠᠷ᠂ ᠡᠷᠳᠡᠮ] ᠭᠠᠰᠢᠭᠤᠨ ᠠᠮᠲᠠ ᠲᠠᠢ᠃ ᠲᠡᠭᠰᠢ ᠴᠢᠨᠠᠷ ᠲᠠᠢ᠃ ᠲᠣᠰᠣᠯᠢᠭ᠂ ᠵᠥᠭᠡᠯᠡᠨ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠪᠣᠯᠪᠠᠰᠤᠷᠠᠭᠤᠯᠬᠤ᠂ ᠬᠥᠯᠥᠷᠡᠭᠦᠯᠬᠦ᠂ ᠰᠢᠷ᠎ᠠ ᠤᠰᠤ ᠶ᠋ᠢ ᠬᠠᠲᠠᠭᠠᠬᠤ᠂ ᠮᠠᠬᠠᠪᠣᠳ ᠢ᠋ ᠲᠡᠭᠰᠢᠳᠬᠡᠬᠦ ᠴᠢᠳᠠᠯ ᠲᠠᠢ᠂ ᠭᠣᠣᠯᠳᠠᠭᠤ ᠲᠠᠭᠰᠢᠭᠤᠷ᠂ ᠡᠰᠡ ᠪᠣᠯᠪᠠᠰᠤᠷᠠᠭᠰᠠᠨ ᠬᠠᠯᠠᠭᠤᠨ᠂ ᠬᠡᠢ ᠬᠠᠯᠠᠭᠤᠨ᠂ ᠳᠤᠯᠠᠢ᠂ ᠬᠡᠷᠦᠬᠦ᠂ ᠰᠢᠷ᠎ᠠ ᠤᠰᠤᠨ ᠡᠪᠡᠳᠴᠢᠨ᠂ ᠭᠦᠪᠳᠦᠷᠦᠦ ᠶ᠋ᠢ ᠲᠤᠭᠤᠷᠠᠭᠤᠯᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄ 苦豆根
ᠠᠩᠭ᠌ᠯᠢ ᠨᠡᠷ᠎ᠡ᠄ Sophora alopecuroides L.
ᠦᠰᠦᠭ ᠠᠮᠢᠯᠠᠭᠤᠯᠤᠭᠴᠢ᠄ ᠪᠤᠷᠤᠨᠤᠳ᠂ ᠴᠢᠮᠡᠭ
ᠬᠢᠨᠠᠭᠴᠢ᠄ ᠲᠤᠶᠠᠭ᠎ᠠ
