ᠭᠠГа
ᠭᠠ
ᠲᠤᠰ ᠡᠮ ᠪᠣᠯ ᠭᠠ ᠶ᠋ᠢᠨ ᠢᠵᠠᠭᠤᠷ ᠤ᠋ᠨ ᠤᠷᠭᠤᠮᠠᠯ ᠪᠣᠯᠬᠤ ᠭᠠ ᠶ᠋ᠢᠨ ᠬᠠᠲᠠᠭᠠᠭᠰᠠᠨ ᠦᠨᠳᠦᠰᠦᠯᠢᠭ ᠡᠰᠢ ᠮᠥᠨ᠃ ᠪᠠᠰᠠ ᠵᠠᠭ᠎ᠠ᠂ ᠮᠠᠭ᠎ᠠ ᠭᠡᠳᠡᠭ᠃
[ ᠤᠤᠯ ᠤᠷᠭᠤᠮᠠᠯ] ᠣᠯᠠᠨ ᠡᠪᠡᠰᠦᠯᠢᠭ ᠤᠷᠭᠤᠮᠠᠯ᠃40—100cm ᠥᠨᠳᠥᠷ ᠂ ᠦᠨᠳᠦᠰᠦᠯᠢᠭ ᠡᠰᠢ ᠨᠢ ᠮᠢᠬᠠᠯᠢᠭ᠂ ᠬᠠᠪᠲᠠᠭᠠᠢ ᠲᠣᠭᠣᠷᠢᠭ᠂ ᠬᠥᠨᠳᠡᠯᠡᠨ ᠤᠷᠭᠤᠵᠤ ᠰᠠᠯᠠᠭᠠᠯᠠᠨ᠎ᠠ᠃ᠠᠩᠬᠢᠯᠤᠮ᠎ᠠ ᠦᠨᠦᠷ ᠲᠡᠢ᠃ ᠨᠠᠪᠴᠢ ᠨᠢ ᠴᠤᠪᠤᠷᠠᠨ ᠤᠷᠭᠤᠨ᠎ᠠ᠃ ᠪᠠᠷᠢᠭᠤᠯ ᠦᠭᠡᠢ᠂ ᠤᠷᠲᠤ ᠲᠣᠭᠳᠣᠢ ᠲᠠᠢ᠂ ᠡᠰᠢ ᠪᠡᠨ ᠪᠠᠭᠯᠠᠨ᠎ᠠ᠃ ᠨᠠᠪᠴᠢᠨ ᠢᠯᠲᠠᠰᠤ ᠨᠢ ᠪᠦᠰᠡᠯᠢᠭ ᠬᠠᠪᠲᠠᠭᠠᠢ ᠲᠡᠪᠡᠨᠡ ᠬᠡᠯᠪᠡᠷᠢ ᠲᠡᠢ᠂15—20cm ᠤᠷᠲᠤ᠂2cm ᠣᠷᠴᠢᠮ ᠥᠷᠭᠡᠨ᠂ ᠱᠤᠪᠲᠤᠭᠠᠷ ᠦᠵᠦᠭᠦᠷ ᠲᠡᠢ᠂ ᠢᠪᠴᠤᠤ ᠤᠭ ᠲᠠᠢ᠂ ᠭᠥᠯᠢᠭᠡᠷ᠂ ᠦᠰᠦ ᠦᠭᠡᠢ᠃ ᠨᠠᠪᠴᠢᠨ ᠬᠡᠯᠡ ᠨᠢ1—3mm ᠤᠷᠲᠤ᠂ ᠬᠠᠯᠢᠰᠤᠯᠢᠭ ᠴᠡᠴᠡᠭ ᠦ᠋ᠨ ᠡᠰᠢ ᠨᠢ ᠦᠨᠳᠦᠰᠦᠯᠢᠭ ᠡᠰᠢᠨ ᠡᠴᠡ ᠪᠡᠨ ᠤᠷᠭᠤᠨ᠎ᠠ᠃ 20cm ᠰᠢᠬᠠᠮ ᠤᠷᠲᠤ᠃ ᠲᠦᠷᠦᠭᠦᠦ ᠬᠡᠯᠪᠡᠷᠢᠲᠦ ᠪᠠᠭ ᠴᠡᠴᠡᠭ ᠨᠢ ᠵᠤᠤᠪᠠᠩ ᠬᠡᠯᠪᠡᠷᠢ ᠲᠡᠢ᠂ 5cm ᠣᠷᠴᠢᠮ ᠤᠷᠲᠤ᠂2.5cm ᠣᠷᠴᠢᠮ ᠥᠷᠭᠡᠨ᠂ ᠦᠵᠦᠭᠦᠷ ᠨᠢ ᠬᠠᠲᠠᠭᠤ ᠱᠣᠪᠣᠭᠣᠷ᠂ ᠨᠣᠭᠣᠪᠲᠤᠷ ᠴᠠᠭᠠᠨ᠂ ᠠᠷᠤ ᠶ᠋ᠢᠨ ᠬᠥᠪᠡᠭᠡ ᠨᠢ ᠰᠢᠷ᠎ᠠ᠃ ᠴᠡᠴᠡᠭ ᠦ᠋ᠨ ᠲᠣᠭᠳᠣᠢ ᠨᠢ ᠬᠣᠭᠣᠯᠠᠢ ᠬᠡᠯᠪᠡᠷᠢ ᠲᠡᠢ᠂1cm ᠣᠷᠴᠢᠮ ᠤᠷᠲᠤ᠂ 3 ᠣᠬᠣᠷ ᠬᠡᠷᠴᠢᠶᠡᠰᠦ ᠲᠡᠢ᠂ ᠴᠡᠴᠡᠭ ᠦ᠋ᠨ ᠳᠡᠯᠪᠢ ᠨᠢ ᠨᠣᠭᠣᠪᠲᠤᠷ ᠰᠢᠷ᠎ᠠ᠂ ᠬᠣᠭᠣᠯᠠᠢ ᠨᠢ2cm ᠣᠷᠴᠢᠮ ᠤᠷᠲᠤ᠂3 ᠰᠡᠵᠢᠭᠦᠷ ᠢᠯᠲᠠᠰᠤ ᠲᠠᠢ᠂ ᠬᠠᠪᠲᠠᠭᠠᠢ ᠲᠡᠪᠡᠨᠡ ᠬᠡᠯᠪᠡᠷᠢ ᠲᠡᠢ᠂ ᠤᠷᠲᠤ ᠨᠢ ᠪᠠᠷᠤᠭ ᠲᠡᠩᠴᠡᠭᠦᠦ᠂ ᠤᠷᠤᠭᠤᠯ ᠬᠡᠯᠲᠡᠰ ᠨᠢ ᠤᠷᠲᠤᠯᠵᠢᠨ ᠲᠣᠭᠣᠷᠢᠬᠯᠢᠭ᠋ ᠲᠣᠩᠭᠣᠷᠤᠤ ᠥᠨᠳᠡᠭᠡᠯᠵᠢᠨ ᠬᠡᠯᠪᠡᠷᠢ ᠲᠡᠢ᠂ ᠴᠡᠴᠡᠭ ᠦ᠋ᠨ ᠳᠡᠯᠪᠢ ᠶ᠋ᠢᠨ ᠰᠡᠵᠢᠭᠦᠷ ᠢᠯᠲᠠᠰᠤ ᠠ᠋ᠴᠠ ᠪᠠᠨ ᠣᠬᠣᠷ᠂ ᠪᠣᠷᠣᠪᠲᠤᠷ ᠥᠩᠭᠡ ᠲᠡᠢ ᠮᠥᠷᠲᠡᠭᠡᠨ ᠰᠢᠷᠠᠩᠭᠤᠢ ᠴᠠᠭᠠᠨ ᠲᠣᠯᠪᠣ ᠲᠠᠢ᠃ ᠡᠷ᠎ᠡ ᠲᠣᠭᠣᠷᠴᠣᠭ ᠨᠢ ᠪᠣᠷᠣ᠂ ᠤᠷᠤᠭᠤᠯ ᠬᠡᠯᠲᠡᠰ ᠲᠡᠢ ᠪᠡᠨ ᠲᠡᠩᠴᠡᠭᠦᠦ ᠤᠷᠲᠤ᠃ ᠤᠮᠠᠢ ᠨᠢ ᠦᠰᠦ ᠦᠭᠡᠢ᠂3 ᠲᠠᠰᠤᠭ ᠲᠠᠢ᠂ ᠴᠡᠴᠡᠭ ᠦ᠋ᠨ ᠪᠠᠭᠠᠨ᠎ᠠ ᠨᠢ ᠲᠣᠭᠣᠰᠣᠪᠴᠢ ᠳ᠋ᠠᠭᠠᠨ ᠪᠠᠭᠯᠠᠭᠳᠠᠵᠤ ᠪᠣᠢ ᠃ ᠬᠣᠩᠭᠣᠷᠴᠣᠭᠲᠤ ᠵᠢᠮᠢᠰ ᠨᠢ3 ᠬᠡᠯᠲᠡᠰᠯᠡᠨ ᠬᠠᠭᠠᠷᠠᠨ᠎ᠠ᠃ ᠦᠷ᠎ᠡ ᠨᠢ ᠬᠠᠷ᠎ᠠ᠃7—8 ᠳ᠋ᠤᠭᠠᠷ ᠰᠠᠷ᠎ᠠ ᠳ᠋ᠤ᠌ ᠴᠡᠴᠡᠭᠯᠡᠨ᠎ᠡ᠃12 ᠳ᠋ᠤᠭᠠᠷ ᠰᠠᠷ᠎ᠠ ᠠ᠋ᠴᠠ ᠳᠠᠷᠠᠭ᠎ᠠ ᠵᠢᠯ ᠦ᠋ᠨ1 ᠳ᠋ᠦ᠍ᠭᠡᠷ ᠰᠠᠷ᠎ᠠ ᠪᠣᠯᠲᠠᠯ᠎ᠠ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠤᠤᠯ ᠳ᠋ᠠᠭᠠᠨ ᠠᠽᠢᠶ᠎ᠠ ᠶ᠋ᠢᠨ ᠬᠠᠯᠠᠭᠤᠨ ᠪᠦᠰᠡ ᠳ᠋ᠦ᠍ ᠤᠷᠭᠤᠳᠠᠭ᠃ ᠣᠳᠣ ᠣᠯᠠᠨ ᠭᠠᠵᠠᠷ ᠳᠤ ᠠᠷᠠᠴᠢᠯᠠᠨ ᠲᠠᠷᠢᠵᠤ ᠪᠠᠢᠨ᠎ᠠ᠃
[ ᠲᠡᠭᠦᠵᠦ ᠪᠣᠯᠪᠠᠰᠤᠷᠠᠭᠤᠯᠬᠤ] ᠡᠪᠦᠯ ᠭᠠᠵᠠᠷ ᠬᠥᠯᠳᠡᠬᠦ ᠡᠴᠡ ᠡᠮᠦᠨ᠎ᠡ ᠮᠠᠯᠲᠠᠨ ᠠᠪᠴᠤ ᠡᠰᠢ᠂ ᠨᠠᠪᠴᠢ᠂ ᠰᠠᠬᠠᠯ ᠦᠨᠳᠦᠰᠦ ᠶ᠋ᠢ ᠨᠢ ᠠᠷᠢᠯᠭᠠᠨ ᠤᠬᠢᠶᠠᠨ ᠴᠡᠪᠡᠷᠯᠡᠭᠡᠳ ᠨᠠᠷᠠᠨ ᠳ᠋ᠤ᠌ ᠬᠠᠲᠠᠭᠠᠬᠤ ᠪᠤᠶᠤ ᠵᠥᠭᠡᠯᠡᠨ ᠭᠠᠯ ᠳᠡᠭᠡᠷ᠎ᠡ ᠬᠠᠭᠰᠠᠭᠠᠨᠠ᠃
[ᠠᠮᠲᠠ᠂ ᠴᠢᠨᠠᠷ᠂ ᠡᠷᠳᠡᠮ] ᠭᠤᠱᠤᠭᠤᠨ᠂ ᠠᠮᠲᠠᠯᠢᠭ ᠠᠮᠲᠠ ᠲᠠᠢ᠂ ᠪᠦᠯᠢᠶᠡᠨ ᠴᠢᠨᠠᠷ ᠲᠠᠢ᠃ ᠰᠢᠷᠦᠭᠦᠨ᠂ ᠬᠦᠯᠪᠡᠷᠢᠭᠦᠨ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠢᠯᠴᠢ ᠶ᠋ᠢ ᠰᠡᠯᠪᠢᠬᠦ᠂ ᠳᠤᠷ᠎ᠠ
ᠶ᠋ᠢ ᠨᠡᠭᠡᠭᠡᠬᠦ᠂ ᠢᠳᠡᠭᠡᠨ ᠢ᠋ ᠰᠢᠩᠭᠡᠭᠡᠬᠦ᠂ ᠬᠦᠴᠦᠵᠢᠭᠦᠯᠬᠦ᠂ ᠪᠠᠳᠬᠠᠨ ᠬᠡᠢ ᠶ᠋ᠢ ᠳᠠᠷᠤᠬᠤ᠂ ᠥᠭᠡᠷᠢ ᠶ᠋ᠢ ᠲᠠᠲᠠᠬᠤ ᠴᠢᠳᠠᠯ ᠲᠠᠢ᠃ ᠭᠣᠣᠯᠳᠠᠭᠤ ᠳᠤᠷ᠎ᠠ ᠪᠤᠯᠭᠢᠬᠤ᠂ ᠡᠰᠡ ᠰᠢᠩᠭᠡᠭᠰᠡᠨ᠂ ᠬᠣᠳᠣᠭᠣᠳᠣᠨ ᠤ᠋ ᠭᠠᠯ ᠤ᠋ᠨ ᠢᠯᠴᠢ ᠮᠠᠭᠤᠳᠠᠭᠰᠠᠨ᠂ ᠬᠦᠢᠲᠡᠨ ᠴᠢᠨᠠᠷ ᠲᠠᠢ ᠰᠠᠭᠤᠯᠭᠠᠬᠤ ᠵᠡᠷᠭᠡ ᠪᠠᠳᠬᠠᠨ ᠬᠦᠢᠲᠡᠨ ᠡᠪᠡᠳᠴᠢᠨ ᠢ᠋ ᠵᠠᠰᠠᠬᠤ ᠳ᠋ᠤ᠌ ᠬᠡᠷᠡᠭᠡᠯᠡᠨᠡ᠃
ᠬᠢᠲᠠᠳ ᠨᠡᠷ᠎ᠡ᠄干姜
ᠠᠩᠭ᠌ᠯᠢ ᠨᠡᠷ᠎ᠡ᠄Zingiber oj-jicinale
ᠦᠰᠦᠭ ᠠᠮᠢᠯᠠᠭᠤᠯᠤᠭᠴᠢ᠄ ᠪᠣᠷᠣᠨᠤᠳ᠂ ᠴᠢᠮᠡᠭ
ᠬᠢᠨᠠᠭᠴᠢ᠄ ᠲᠤᠶᠠᠭ᠎ᠠ
