ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ-2024 ᠣᠨ ᠤ᠋ 12 ᠰᠠᠷ᠎ᠠ Итгэлт Хамба бламын сургааль
ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ-2024 ᠣᠨ ᠤ᠋ 12 ᠰᠠᠷ᠎ᠠ
ᠬᠠᠮᠪᠤ ᠪᠯᠠᠮ᠎ᠠ ᠳ᠋ᠠᠮᠪᠠ ᠠᠶᠤᠰᠢᠶᠸᠪ
ᠢᠲᠡᠭᠡᠯᠲᠦ ᠬᠠᠮᠪᠤ ᠪᠯᠠᠮ᠎ᠠ ᠶ᠋ᠢᠨ ᠵᠠᠯᠪᠠᠷᠢᠯ
ᠰᠠᠢᠨ ᠴᠢᠮᠡᠭ ᠲᠡᠢ ᠯᠠᠭᠱᠠᠨ ᠤ᠋ ᠮᠠᠨᠳᠠᠯ ᠳᠡᠯᠭᠡᠷᠡᠭᠰᠡᠨ᠂ ᠥᠯᠵᠡᠢ ᠲᠡᠢ ᠵᠠᠷᠯᠢᠭ ᠢ᠋ᠶ᠋ᠠᠷ ᠮᠠᠨ ᠤ᠋ ᠰᠡᠳᠬᠢᠯ ᠨᠣᠮᠣᠬᠠᠷᠠᠭᠰᠠᠨ᠂ ᠸᠴᠢᠷ ᠮᠡᠲᠦ ᠭᠦᠨᠵᠡᠭᠡᠢ ᠲᠠᠭᠠᠯᠠᠯ ᠡᠷᠬᠡᠰᠢᠶᠡᠭᠰᠡᠨ᠂ ᠢᠲᠡᠭᠡᠯᠲᠦ ᠬᠠᠮᠪᠤ ᠪᠯᠠᠮ᠎ᠠ ᠶ᠋ᠢᠨ ᠥᠯᠮᠡᠢ ᠳ᠋ᠦ᠍ ᠵᠠᠯᠪᠠᠷᠢᠨᠠᠮ᠃
ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ᠂ ᠤᠸᠮᠠ ᠬᠦᠷᠦ ᠱᠠᠰᠠ ᠳ᠋ᠠᠷ᠎ᠠ ᠳᠢ ᠮᠠᠮ ᠰᠤᠬ᠎ᠠ᠂ ᠣᠸᠮ᠎ᠠ ᠬᠦᠷᠦ ᠱᠠᠰᠠ ᠳ᠋ᠠᠷ᠎ᠠ ᠳᠢ ᠮᠠᠮ ᠰᠤᠬ᠎ᠠ᠃
2024.12.01
ᠯᠤᠤ ᠵᠢᠯ᠂ ᠭᠠᠬᠠᠢ ᠰᠠᠷ᠎ᠠ ᠶ᠋ᠢᠨ30 ᠤ᠋ ᠰᠢᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠪᠦᠭᠦᠳᠡ ᠶ᠋ᠢ ᠮᠡᠳᠡᠭᠴᠢ ᠨᠣᠮ ᠤ᠋ᠨ ᠬᠠᠭᠠᠨ ᠳ᠋ᠤ᠌ ᠵᠤᠯᠠ ᠡᠷᠭᠦᠭᠳᠡᠭᠡ᠃ ᠢᠲᠡᠭᠡᠯᠲᠦ ᠪᠠᠭᠰᠢ᠄《 ᠸᠴᠢᠷ ᠰᠡᠳᠬᠢᠯ ᠬᠡᠷᠡᠯᠳᠦᠭᠦᠯᠦᠭᠰᠡᠨ ᠳᠡᠭᠡᠳᠦᠰ ᠦ᠋ᠳ》 ᠭᠡᠮᠡᠨ ᠠᠢᠯᠠᠳᠤᠯ᠎ᠠ᠃
2024.12.02
ᠯᠤᠤ ᠵᠢᠯ᠂ ᠬᠤᠯᠤᠭᠠᠨ᠎ᠠ ᠰᠠᠷ᠎ᠠ ᠶ᠋ᠢᠨ1 ᠦ᠌ ᠴᠠᠭᠠᠨ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠮᠥᠷᠭᠥᠯ ᠦ᠋ᠨ ᠭᠠᠵᠠᠷ ᠲᠤ᠌ ᠬᠦᠯᠢᠶᠡᠵᠦ ᠪᠠᠢᠨ᠎ᠠ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄《 ᠠᠮᠤᠭᠤᠯᠠᠩ ᠪᠠᠢᠳᠠᠯ ᠤ᠋ᠨ ᠣᠷᠣᠨ》 ᠭᠡᠮᠡᠨ ᠠᠢᠯᠠᠳᠤᠯ᠎ᠠ᠃
2024.12.03
ᠯᠤᠤ ᠵᠢᠯ᠂ ᠬᠤᠯᠤᠭᠠᠨ᠎ᠠ ᠰᠠᠷ᠎ᠠ ᠶ᠋ᠢᠨ2 ᠤ᠋ ᠴᠠᠭᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠦ᠌ ᠰᠠᠨᠠᠭᠰᠠᠨ ᠬᠡᠷᠡᠭ ᠨᠣᠮ ᠤ᠋ᠨ ᠶᠣᠰᠣᠭᠠᠷ ᠪᠦᠲᠦᠪᠡ᠃ ᠢᠲᠡᠭᠡᠯᠲᠦ ᠪᠠᠭᠰᠢ᠄《 ᠪᠤᠷᠬᠠᠳ ᠰᠠᠬᠢᠭᠤᠰᠤᠳ ᠮᠡᠳᠡᠭᠡ ᠦᠭᠭᠦᠭᠰᠡᠨ》 ᠭᠡᠮᠡᠨ ᠠᠢᠯᠠᠳᠤᠯ᠎ᠠ᠃
2024.12.04
ᠯᠤᠤ ᠵᠢᠯ᠂ ᠬᠤᠯᠤᠭᠠᠨ᠎ᠠ ᠰᠠᠷ᠎ᠠ ᠶ᠋ᠢᠨ3 ᠤ᠋ ᠬᠠᠷ᠎ᠠ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠮᠤᠨᠳᠠᠷᠭᠠ ᠠᠭᠤᠯᠠ ᠶ᠋ᠢᠨ ᠣᠷᠣᠢ ᠳ᠋ᠤ᠌ ᠰᠤᠪᠤᠷᠭ᠎ᠠ ᠦᠵᠡᠭᠳᠡᠪᠡ᠃ ᠢᠲᠡᠭᠡᠯᠲᠦ ᠪᠠᠭᠰᠢ᠄《 ᠳᠡᠭᠡᠳᠦ ᠨᠣᠮ ᠳ᠋ᠤ᠌ ᠵᠣᠷᠢᠭᠲᠢ[зоригты]》 ᠭᠡᠮᠡᠨ ᠠᠢᠯᠠᠳᠤᠯ᠎ᠠ᠃
2024.12.05
ᠯᠤᠤ ᠵᠢᠯ᠂ ᠬᠤᠯᠤᠭᠠᠨ᠎ᠠ ᠰᠠᠷ᠎ᠠ ᠶ᠋ᠢᠨ4 ᠦ᠌ ᠬᠠᠷᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠦ᠌ ᠵᠢᠷᠦᠬᠡᠨ ᠦ᠌ ᠯᠢᠩᠬᠤ᠎ᠠ ᠴᠡᠴᠡᠭ ᠰᠠᠯᠪᠠᠷᠠᠭᠠ᠃ ᠢᠲᠡᠭᠡᠯᠲᠦ ᠪᠠᠭᠰᠢ᠄《 ᠪᠣᠳᠢ ᠰᠡᠳᠬᠢᠯ ᠦ᠋ᠨ ᠲᠡᠮᠳᠡᠭ》 ᠭᠡᠮᠡᠨ ᠠᠢᠯᠠᠳᠤᠯ᠎ᠠ᠃
2024.12.06
ᠯᠤᠤ ᠵᠢᠯ᠂ ᠬᠤᠯᠤᠭᠠᠨ᠎ᠠ ᠰᠠᠷ᠎ᠠ ᠶ᠋ᠢᠨ5 ᠤ᠋ ᠬᠥᠬᠡ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠣᠭᠲᠠᠷᠭᠤᠢ ᠶ᠋ᠢᠨ ᠬᠢᠵᠠᠭᠠᠷ ᠠ᠋ᠴᠠ ᠠᠮᠤᠷ ᠮᠡᠨᠳᠦ ᠶ᠋ᠢ ᠳᠠᠮᠵᠢᠭᠤᠯᠤᠨ᠎ᠠ᠃ ᠢᠲᠡᠭᠡᠯᠲᠦ ᠪᠠᠭᠰᠢ᠄《 ᠠᠯᠤᠰ ᠬᠣᠯᠠ ᠠ᠋ᠴᠠ ᠡᠮᠦᠨ᠎ᠡ ᠭᠢᠯᠠᠷᠠᠨᠠ》 ᠭᠡᠮᠡᠨ ᠠᠢᠯᠠᠳᠤᠯ᠎ᠠ᠃
2024.12.07
ᠯᠤᠤ ᠵᠢᠯ᠂ ᠬᠤᠯᠤᠭᠠᠨ᠎ᠠ ᠰᠠᠷ᠎ᠠ ᠶ᠋ᠢᠨ6 ᠤ᠋ ᠬᠥᠬᠡᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《 ᠣᠭᠲᠠᠷᠭᠤᠢ ᠳ᠋ᠤ᠌ ᠣᠷᠴᠢᠯᠠᠩ ᠨᠡᠭᠡᠭᠡᠭᠳᠡᠭᠡ》 ᠭᠡᠨ᠎ᠡ᠃ ᠢᠲᠡᠭᠡᠯᠲᠦ ᠪᠠᠭᠰᠢ᠄《 ᠣᠶᠤᠨ ᠲᠡᠭᠦᠰ ᠦ᠋ᠨ ᠪᠡᠯᠭᠡ ᠪᠢᠯᠢᠭ》 ᠭᠡᠮᠡᠨ ᠠᠢᠯᠠᠳᠤᠯ᠎ᠠ᠃
2024.12.08
ᠯᠤᠤ ᠵᠢᠯ᠂ ᠬᠤᠯᠤᠭᠠᠨ᠎ᠠ ᠰᠠᠷ᠎ᠠ ᠶ᠋ᠢᠨ7 ᠤ᠋ ᠤᠯᠠᠭᠠᠨ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠮᠥᠩᠬᠡ ᠨᠠᠰᠤᠯᠠᠬᠤ ᠪᠠᠷ ᠡᠷᠳᠡᠮ ᠣᠯᠬᠤ ᠪᠠᠷ ᠪᠠᠢᠨ᠎ᠠ᠃ ᠢᠲᠡᠭᠡᠯᠲᠦ ᠪᠠᠭᠰᠢ᠄《 ᠤᠬᠠᠭᠠᠨ ᠨᠣᠮᠣᠬᠠᠷᠠᠬᠤ ᠪᠣᠯ ᠣᠶᠤᠨ ᠪᠢᠯᠢᠭ ᠲᠡᠭᠦᠯᠳᠡᠷ》 ᠭᠡᠮᠡᠨ ᠠᠢᠯᠠᠳᠤᠯ᠎ᠠ᠃
2024.12.09
ᠯᠤᠤ ᠵᠢᠯ᠂ ᠬᠤᠯᠤᠭᠠᠨ᠎ᠠ ᠰᠠᠷ᠎ᠠ ᠶ᠋ᠢᠨ8 ᠤ᠋ ᠤᠯᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《 ᠣᠶᠤᠨ ᠤᠬᠠᠭᠠᠨ ᠬᠣᠶᠠᠷ ᠬᠣᠭᠣᠷᠣᠨᠳᠣ ᠪᠠᠨ ᠬᠢᠷᠢ ᠶᠡᠬᠡ ᠵᠠᠢ ᠵᠠᠪᠰᠠᠷ ᠲᠠᠢ ᠶᠤᠮ》 ᠭᠡᠵᠦ ᠠᠰᠠᠭᠤᠨ᠎ᠠ᠃ ᠢᠲᠡᠭᠡᠯᠲᠦ ᠪᠠᠭᠰᠢ᠄《 ᠠᠪᠢᠶᠠᠰ ᠪᠢᠯᠢᠭ ᠦ᠋ᠨ ᠵᠠᠪᠰᠠᠷ ᠲᠤ᠌ ᠤᠬᠠᠭᠠᠨ ᠰᠢᠷᠭᠢᠨ᠎ᠡ》 ᠭᠡᠮᠡᠨ ᠠᠢᠯᠠᠳᠤᠯ᠎ᠠ᠃
2024.12.10
ᠯᠤᠤ ᠵᠢᠯ᠂ ᠬᠤᠯᠤᠭᠠᠨ᠎ᠠ ᠰᠠᠷ᠎ᠠ ᠶ᠋ᠢᠨ10 ᠤ᠋ ᠰᠢᠷ᠎ᠠ ᠪᠡᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠢᠷᠡᠭᠡᠳᠦᠢ ᠶ᠋ᠢᠨ ᠴᠠᠭ ᠤ᠋ᠨ ᠶᠠᠭᠤᠮ᠎ᠠ ᠮᠡᠳᠡᠨ᠎ᠡ᠃ ᠢᠲᠡᠭᠡᠯᠲᠦ ᠪᠠᠭᠰᠢ᠄《 ᠡᠮᠦᠨ᠎ᠡ ᠦᠢᠯᠡᠳᠦᠭᠰᠡᠨ ᠰᠠᠢᠨ ᠦᠢᠯᠡ ᠨᠢ ᠨᠢᠳᠦᠨ ᠳ᠋ᠦ᠍ ᠨᠢ ᠦᠵᠡᠭᠳᠡᠨ᠎ᠡ》 ᠭᠡᠮᠡᠨ ᠠᠢᠯᠠᠳᠤᠯ᠎ᠠ᠃
2024.12.11
ᠯᠤᠤ ᠵᠢᠯ᠂ ᠬᠤᠯᠤᠭᠠᠨ᠎ᠠ ᠰᠠᠷ᠎ᠠ ᠶ᠋ᠢᠨ11 ᠦ᠌ ᠰᠢᠷᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠭᠤᠷᠪᠠᠨ ᠡᠷᠳᠡᠨᠢ ᠪᠠᠷᠢᠭᠠᠳ ᠪᠠᠢᠨ᠎ᠠ᠃ ᠢᠲᠡᠭᠡᠯᠲᠦ ᠪᠠᠭᠰᠢ᠄《 ᠪᠣᠭᠳᠠ ᠽᠣᠩᠺᠠᠪᠠ ᠶ᠋ᠢᠨ ᠭᠠᠷᠤᠭᠰᠠᠨ ᠨᠤᠲᠤᠭ ᠤ᠋ᠨ ᠲᠡᠦᠬᠡ ᠳ᠋ᠦ᠍ ᠪᠠᠢᠨ᠎ᠠ》 ᠭᠡᠮᠡᠨ ᠠᠢᠯᠠᠳᠤᠯ᠎ᠠ᠃
2024.12.12
ᠯᠤᠤ ᠵᠢᠯ᠂ ᠬᠤᠯᠤᠭᠠᠨ᠎ᠠ ᠰᠠᠷ᠎ᠠ ᠶ᠋ᠢᠨ12 ᠤ᠋ ᠴᠠᠭᠠᠨ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《 ᠳᠡᠯᠡᠬᠡᠢ ᠶ᠋ᠢᠨ ᠬᠥᠮᠦᠰ ᠦ᠋ᠨ10 ᠬᠤᠪᠢ ᠨᠢ ᠶᠠᠭᠤᠮ᠎ᠠ ᠮᠡᠳᠡᠳᠡᠭ》 ᠭᠡᠨ᠎ᠡ᠃ ᠢᠲᠡᠭᠡᠯᠲᠦ ᠪᠠᠭᠰᠢ᠄《 ᠮᠤᠩᠬᠠᠭ ᠤ᠋ᠨ ᠬᠠᠷᠠᠩᠭᠤᠢ ᠶ᠋ᠢ ᠠᠷᠢᠯᠭᠠᠬᠤ ᠦᠭᠡᠢ ᠳ᠋ᠦ᠍ ᠮᠡᠳᠡᠬᠦ ᠠᠷᠭ᠎ᠠ ᠦᠭᠡᠢ》 ᠭᠡᠮᠡᠨ ᠠᠢᠯᠠᠳᠤᠯ᠎ᠠ᠃
2024.12.13
ᠯᠤᠤ ᠵᠢᠯ᠂ ᠬᠤᠯᠤᠭᠠᠨ᠎ᠠ ᠰᠠᠷ᠎ᠠ ᠶ᠋ᠢᠨ13 ᠤ᠋ ᠴᠠᠭᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠭᠠᠳᠠᠭᠠᠳᠤ ᠶᠢᠷᠲᠢᠨᠴᠦ ᠶ᠋ᠢ ᠶᠠᠭᠠᠬᠢᠭᠠᠳ ᠭᠡᠷᠡᠯᠲᠦᠭᠦᠯᠬᠦ ᠪᠣᠢ ᠭᠡᠵᠦ ᠠᠰᠠᠭᠤᠨ᠎ᠠ᠃ ᠢᠲᠡᠭᠡᠯᠲᠦ ᠪᠠᠭᠰᠢ᠄《 ᠪᠠᠢᠭ᠎ᠠ ᠶᠠᠭᠤᠮ᠎ᠠ ᠣᠮ ᠠ ᠬᠣᠮ ᠢ᠋ᠶ᠋ᠠᠷ ᠠᠷᠢᠯᠭᠠᠭᠳᠠᠭᠠᠳ ᠭᠡᠭᠡᠷᠡᠳᠡᠭ》 ᠭᠡᠮᠡᠨ ᠠᠢᠯᠠᠳᠤᠯ᠎ᠠ᠃
2024.12.14
ᠯᠤᠤ ᠵᠢᠯ᠂ ᠬᠤᠯᠤᠭᠠᠨ᠎ᠠ ᠰᠠᠷ᠎ᠠ ᠶ᠋ᠢᠨ14 ᠦ᠌ ᠬᠠᠷ᠎ᠠ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠪᠠᠢᠭᠰᠠᠨ ᠣᠷᠣᠨ ᠢ᠋ᠶ᠋ᠠᠨ ᠣᠳᠤᠯᠭ᠎ᠠ ᠪᠠᠷ ᠣᠮ ᠠ ᠬᠣᠮ— ᠢ᠋ᠶ᠋ᠠᠷ ᠠᠷᠢᠭᠤᠳᠬᠠᠵᠤ ᠪᠠᠢᠨ᠎ᠠ᠃ ᠢᠲᠡᠭᠡᠯᠲᠦ ᠪᠠᠭᠰᠢ᠄《 ᠬᠠᠮᠤᠭ ᠠᠮᠢᠲᠠᠨ ᠤ᠋ ᠲᠤᠰᠠᠳᠠ ᠨᠢ ᠪᠤᠷᠬᠠᠨ ᠪᠠᠭᠰᠢ ᠪᠦᠲᠦᠭᠡᠬᠦ》 ᠭᠡᠮᠡᠨ ᠠᠢᠯᠠᠳᠤᠯ᠎ᠠ᠃
2024.12.15
ᠯᠤᠤ ᠵᠢᠯ᠂ ᠬᠤᠯᠤᠭᠠᠨ᠎ᠠ ᠰᠠᠷ᠎ᠠ ᠶ᠋ᠢᠨ15 ᠤ᠋ ᠬᠠᠷᠠᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠳᠠᠮᠳᠢᠨ ᠢᠳᠠᠮ ᠤ᠋ᠨ ᠲᠠᠷᠨᠢ ᠲᠠᠢ ᠬᠣᠩᠬᠢᠶ᠎ᠠ ᠬᠣᠭᠣᠯᠠᠢ ᠪᠠᠷ ᠮᠣᠷᠢᠨ ᠬᠤᠭᠤᠷ ᠳᠡᠭᠡᠷ᠎ᠡ ᠢᠨᠴᠠᠭᠠᠯᠠᠨᠠ᠃ ᠢᠲᠡᠭᠡᠯᠲᠦ ᠪᠠᠭᠰᠢ᠄《 ᠤᠯᠠᠭᠠᠨ ᠰᠠᠬᠢᠭᠤᠰᠤᠨ ᠱᠠᠵᠢᠨ ᠤ᠋ ᠳᠠᠢᠰᠤᠨ ᠢ᠋ ᠲᠣᠭᠣᠰᠣ ᠪᠣᠯᠭᠠᠨ ᠤᠷᠪᠠᠭᠤᠯᠬᠤ》 ᠭᠡᠮᠡᠨ ᠠᠢᠯᠠᠳᠤᠯ᠎ᠠ᠃
2024.12.16
ᠯᠤᠤ ᠵᠢᠯ᠂ ᠬᠤᠯᠤᠭᠠᠨ᠎ᠠ ᠰᠠᠷ᠎ᠠ ᠶ᠋ᠢᠨ16 ᠤ᠋ ᠬᠥᠬᠡ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠭᠦᠳᠡ ᠦᠵᠡᠭᠳᠡᠪᠡ᠃ ᠢᠲᠡᠭᠡᠯᠲᠦ ᠪᠠᠭᠰᠢ᠄《 ᠯᠠᠭᠱᠠᠨ᠂ ᠵᠠᠷᠯᠢᠭ᠂ ᠲᠠᠭᠠᠯᠠᠯ᠂ ᠴᠢᠳᠠᠯ ᠪᠣᠯᠤᠨ ᠦᠢᠯᠡᠰ ᠪᠦᠭᠦᠳᠡ ᠶ᠋ᠢᠨ ᠲᠠᠩᠭᠠᠷᠢᠭᠲᠠᠨ ᠤ᠋ ᠠᠰᠠᠷ ᠬᠠᠭᠠᠯᠭ᠎ᠠ》 ᠭᠡᠮᠡᠨ ᠠᠢᠯᠠᠳᠤᠯ᠎ᠠ᠃
2024.12.17
ᠯᠤᠤ ᠵᠢᠯ᠂ ᠬᠤᠯᠤᠭᠠᠨ᠎ᠠ ᠰᠠᠷ᠎ᠠ ᠶ᠋ᠢᠨ17 ᠤ᠋ ᠬᠥᠬᠡᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠨᠡ ᠳᠠᠶᠠᠭᠠᠷ ᠰᠠᠢᠨ ᠰᠠᠭᠤᠵᠤ ᠪᠠᠢᠭᠰᠠᠨ ᠠᠷᠠᠳ ᠵᠤᠨ ᠳ᠋ᠤ᠌ ᠢᠲᠡᠭᠡᠯᠲᠦ ᠪᠠᠭᠰᠢ᠄《 ᠮᠠᠨᠢ ᠮᠢᠭᠽᠧᠮ ᠲᠡᠢ ᠪᠠᠢᠭᠰᠠᠨ ᠬᠥᠮᠦᠰ ᠣᠯᠠᠨ》 ᠭᠡᠮᠡᠨ ᠠᠢᠯᠠᠳᠤᠯ᠎ᠠ᠃
2024.12.18
ᠯᠤᠤ ᠵᠢᠯ᠂ ᠬᠤᠯᠤᠭᠠᠨ᠎ᠠ ᠰᠠᠷ᠎ᠠ ᠶ᠋ᠢᠨ18 ᠤ᠋ ᠤᠯᠠᠭᠠᠨ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠤᠬᠠᠭᠠᠨ ᠬᠠᠵᠠᠭᠠᠷᠯᠠᠭᠠᠳ ᠤᠨᠤᠭᠰᠠᠨ[оносон] ᠬᠥᠮᠦᠨ ᠳ᠋ᠦ᠍ ᠢᠲᠡᠭᠡᠯᠲᠦ ᠪᠠᠭᠰᠢ᠄《 ᠠᠷᠭ᠎ᠠ ᠪᠢᠯᠢᠭ ᠬᠣᠶᠠᠷ ᠢ᠋ ᠰᠠᠢᠬᠠᠨ ᠪᠡᠷᠢ》 ᠭᠡᠮᠡᠨ ᠠᠢᠯᠠᠳᠤᠯ᠎ᠠ᠃
2024.12.19
ᠯᠤᠤ ᠵᠢᠯ᠂ ᠬᠤᠯᠤᠭᠠᠨ᠎ᠠ ᠰᠠᠷ᠎ᠠ ᠶ᠋ᠢᠨ19 ᠦ᠌ ᠤᠯᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠪᠤᠶᠠᠨ ᠬᠢᠯᠢᠨᠴᠡ ᠬᠣᠶᠠᠷ ᠢ᠋ ᠢᠯᠭᠠᠵᠤ ᠴᠢᠳᠠᠳᠠᠭ ᠬᠥᠮᠦᠨ ᠳ᠋ᠦ᠍ ᠢᠲᠡᠭᠡᠯᠲᠦ ᠪᠠᠭᠰᠢ᠄《 ᠦᠨᠡᠨ ᠰᠡᠳᠬᠢᠯ ᠡᠭᠦᠰᠬᠡᠨ᠎ᠡ》 ᠭᠡᠮᠡᠨ ᠠᠢᠯᠠᠳᠤᠯ᠎ᠠ᠃
2024.12.20
ᠯᠤᠤ ᠵᠢᠯ᠂ ᠬᠤᠯᠤᠭᠠᠨ᠎ᠠ ᠰᠠᠷ᠎ᠠ ᠶ᠋ᠢᠨ20 ᠤ᠋ ᠰᠢᠷ᠎ᠠ ᠮᠣᠷᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠦᠨᠡᠨ ᠰᠢᠳᠤᠷᠭᠤ ᠬᠥᠮᠦᠨ ᠳ᠋ᠦ᠍ ᠢᠲᠡᠭᠡᠯᠲᠦ ᠪᠠᠭᠰᠢ᠄《 ᠬᠦᠰᠡᠵᠦ ᠶᠠᠪᠤᠭᠰᠠᠨ ᠢᠷᠦᠭᠡᠯ ᠦ᠋ᠨ ᠠᠴᠢ ᠲᠤᠰᠠ ᠶᠡᠬᠡ》 ᠭᠡᠮᠡᠨ ᠠᠢᠯᠠᠳᠤᠯ᠎ᠠ᠃
2024.12.21
ᠯᠤᠤ ᠵᠢᠯ᠂ ᠬᠤᠯᠤᠭᠠᠨ᠎ᠠ ᠰᠠᠷ᠎ᠠ ᠶ᠋ᠢᠨ21 ᠦ᠌ ᠰᠢᠷᠠᠭᠴᠢᠨ ᠬᠣᠨᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠳ᠋ᠠᠼᠠᠩ ᠳ᠋ᠤ᠌ ᠨᠢᠭᠡ ᠡᠮᠡᠭᠲᠡᠢ ᠶᠠᠭᠤᠮᠠᠨ ᠳ᠋ᠤ᠌ ᠣᠷᠣᠬᠤ ᠨᠢ ᠮᠠᠭᠠᠳ ᠲᠠᠢ ᠪᠠᠢᠨ᠎ᠠ᠃ ᠢᠲᠡᠭᠡᠯᠲᠦ ᠪᠠᠭᠰᠢ᠄《 ᠰᠢᠷᠡᠭᠡᠲᠦ ᠯᠠᠮᠠ ᠳ᠋ᠤ᠌ ᠬᠠᠨᠳᠤᠭᠲᠢ[хандагты]》 ᠭᠡᠮᠡᠨ ᠠᠢᠯᠠᠳᠤᠯ᠎ᠠ᠃
2024.12.22
ᠯᠤᠤ ᠵᠢᠯ᠂ ᠬᠤᠯᠤᠭᠠᠨ᠎ᠠ ᠰᠠᠷ᠎ᠠ ᠶ᠋ᠢᠨ22 ᠤ᠋ ᠴᠠᠭᠠᠨ ᠪᠠᠴᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《 ᠨᠠᠮᠠᠶ᠋ᠢ ᠪᠠᠭᠰᠢ ᠭᠡᠵᠦ ᠪᠦᠦ ᠬᠦᠨᠳᠦᠯᠡᠭᠲᠢ[хүндэлэгты] ᠭᠡᠨ᠎ᠡ᠃ ᠢᠲᠡᠭᠡᠯᠲᠦ ᠪᠠᠭᠰᠢ᠄《 ᠠᠮᠤᠭᠤᠯᠠᠩ ᠦᠭᠡᠢ ᠶᠢᠷᠲᠢᠨᠴᠦ ᠳ᠋ᠦ᠍ ᠬᠠᠮᠢᠭ᠎ᠠ ᠠ᠋ᠴᠠ ᠪᠠᠭᠰᠢ ᠪᠠᠢᠬᠤ ᠨᠢ ᠦᠭᠡᠢ》 ᠭᠡᠮᠡᠨ ᠠᠢᠯᠠᠳᠤᠯ᠎ᠠ᠃
2024.12.23
ᠯᠤᠤ ᠵᠢᠯ᠂ ᠬᠤᠯᠤᠭᠠᠨ᠎ᠠ ᠰᠠᠷ᠎ᠠ ᠶ᠋ᠢᠨ23 ᠤ᠋ ᠴᠠᠭᠠᠭᠴᠢᠨ ᠲᠠᠬᠢᠶ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠨᠡ ᠣᠷᠴᠢᠯᠠᠩ ᠳ᠋ᠤ᠌ ᠭᠡᠷᠡᠯᠲᠦᠨ ᠰᠣᠶᠣᠷᠬᠠᠪᠠ᠃ ᠢᠲᠡᠭᠡᠯᠲᠦ ᠪᠠᠭᠰᠢ᠄《 ᠶᠡᠬᠡ ᠠᠮᠤᠭᠤᠯᠠᠩ ᠤ᠋ᠨ ᠣᠷᠣᠨ ᠪᠣᠯᠬᠤ ᠨᠢ》 ᠭᠡᠮᠡᠨ ᠠᠢᠯᠠᠳᠤᠯ᠎ᠠ᠃
2024.12.24
ᠯᠤᠤ ᠵᠢᠯ᠂ ᠬᠤᠯᠤᠭᠠᠨ᠎ᠠ ᠰᠠᠷ᠎ᠠ ᠶ᠋ᠢᠨ24 ᠦ᠌ ᠬᠠᠷ᠎ᠠ ᠨᠣᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《 ᠠᠮᠤᠷᠯᠢᠩᠭᠤᠢ ᠪᠣᠯᠤᠨ ᠳᠣᠭᠰᠢᠨ ᠠᠯᠢ ᠨᠢ ᠴᠦ᠍ ᠬᠡᠷᠡᠭᠲᠡᠢ》 ᠭᠡᠨ᠎ᠡ᠃ ᠢᠲᠡᠭᠡᠯᠲᠦ ᠪᠠᠭᠰᠢ᠄《 ᠪᠣᠳᠢ ᠬᠤᠲᠤᠭᠲᠤ ᠶ᠋ᠢᠨ ᠲᠥᠯᠥᠭᠡ ᠵᠣᠷᠢᠭᠤᠯ》 ᠭᠡᠮᠡᠨ ᠠᠢᠯᠠᠳᠤᠯ᠎ᠠ᠃
2024.12.25
ᠯᠤᠤ ᠵᠢᠯ᠂ ᠬᠤᠯᠤᠭᠠᠨ᠎ᠠ ᠰᠠᠷ᠎ᠠ ᠶ᠋ᠢᠨ25 ᠤ ᠬᠠᠷᠠᠭᠴᠢᠨ ᠭᠠᠬᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠣᠷᠴᠢᠯᠠᠩ ᠤ᠋ᠨ ᠬᠢᠵᠠᠭᠠᠷ ᠪᠣᠯᠤᠨ ᠠᠮᠢ ᠨᠠᠰᠤᠨ ᠤ᠋ ᠦᠶ᠎ᠡ ᠴᠠᠭ ᠤ᠋ᠨ ᠡᠴᠦᠰ ᠰᠤᠳᠤᠯᠵᠤ ᠪᠠᠢᠨ᠎ᠠ᠃ ᠢᠲᠡᠭᠡᠯᠲᠦ ᠪᠠᠭᠰᠢ᠄《 ᠡᠬᠡ ᠣᠷᠣᠨ ᠭᠡᠪᠡᠯ ᠪᠣᠳᠢᠰᠠᠳ᠋ᠸ᠎ᠠ ᠶ᠋ᠢᠨ6 ᠶᠠᠪᠤᠳᠠᠯ》 ᠭᠡᠮᠡᠨ ᠠᠢᠯᠠᠳᠤᠯ᠎ᠠ᠃
2024.12.26
ᠯᠤᠤ ᠵᠢᠯ᠂ ᠬᠤᠯᠤᠭᠠᠨ᠎ᠠ ᠰᠠᠷ᠎ᠠ ᠶ᠋ᠢᠨ26 ᠤ᠋ ᠬᠥᠬᠡ ᠬᠤᠯᠤᠭᠠᠨ᠎ᠠ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠴᠢᠭᠡ ᠶ᠋ᠢᠨ ᠰᠠᠬᠢᠭᠤᠰᠤᠳ ᠶᠢᠷᠲᠢᠨᠴᠦ ᠶ᠋ᠢᠨ ᠭᠠᠳᠠᠭᠤᠷ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄《 ᠨᠣᠮ ᠲᠡᠳᠬᠦᠭᠴᠢ ᠰᠠᠬᠢᠭᠤᠰᠤᠨ ᠤ᠋ ᠮᠡᠯᠮᠡᠢ ᠲᠡᠭᠦᠰ》 ᠭᠡᠮᠡᠨ ᠠᠢᠯᠠᠳᠤᠯ᠎ᠠ᠃
2024.12.27
ᠯᠤᠤ ᠵᠢᠯ᠂ ᠬᠤᠯᠤᠭᠠᠨ᠎ᠠ ᠰᠠᠷ᠎ᠠ ᠶ᠋ᠢᠨ27 ᠤ᠋ ᠬᠥᠬᠡᠭᠴᠢᠨ ᠦᠬᠡᠷ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠡᠮᠦᠨ᠎ᠡ ᠬᠤᠷᠢᠶᠠᠭᠰᠠᠨ ᠰᠠᠢᠨ ᠦᠢᠯᠡ ᠶ᠋ᠢᠨ ᠠᠳᠢᠰ ᠶᠡᠬᠡ ᠭᠡᠵᠦ ᠰᠣᠨᠣᠰᠤᠭᠳᠠᠭ᠎ᠠ᠃ ᠢᠲᠡᠭᠡᠯᠲᠦ ᠪᠠᠭᠰᠢ᠄《 ᠪᠠᠯᠴᠢᠭ ᠰᠢᠪᠠᠷ ᠠ᠋ᠴᠠ ᠭᠬᠢᠷ ᠦᠭᠡᠢ ᠤᠷᠭᠤᠭᠰᠠᠨ ᠴᠡᠴᠡᠭ ᠮᠡᠲᠦ》 ᠭᠡᠮᠡᠨ ᠠᠢᠯᠠᠳᠤᠯ᠎ᠠ᠃
2024.12.28
ᠯᠤᠤ ᠵᠢᠯ᠂ ᠬᠤᠯᠤᠭᠠᠨ᠎ᠠ ᠰᠠᠷ᠎ᠠ ᠶ᠋ᠢᠨ28 ᠤ᠋ ᠤᠯᠠᠭᠠᠨ ᠪᠠᠷᠰ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ ᠯᠤᠤᠰ ᠤ᠋ᠨ ᠡᠵᠡᠨ ᠳ᠋ᠦ᠍ ᠮᠥᠷᠭᠥᠨ᠎ᠡ᠃ ᠢᠲᠡᠭᠡᠯᠲᠦ ᠪᠠᠭᠰᠢ᠄《 ᠪᠢᠯᠢᠭ ᠪᠠᠷᠠᠮᠢᠳ ᠤ᠋ᠨ ᠵᠢᠷᠦᠬᠡᠨ ᠦ᠌ ᠰᠤᠳᠤᠷ ᠢ᠋ᠶ᠋ᠠᠷ ᠳᠦᠭᠦᠷᠡᠩ》 ᠭᠡᠮᠡᠨ ᠠᠢᠯᠠᠳᠤᠯ᠎ᠠ᠃
2024.12.29
ᠯᠤᠤ ᠵᠢᠯ᠂ ᠬᠤᠯᠤᠭᠠᠨ᠎ᠠ ᠰᠠᠷ᠎ᠠ ᠶ᠋ᠢᠨ29 ᠦ᠌ ᠤᠯᠠᠭᠴᠢᠨ ᠲᠠᠤᠯᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠪᠯᠠᠮ᠎ᠠ ᠮᠠᠨᠳᠠᠯ ᠲᠤᠬᠠᠢ ᠪᠢᠰᠢᠯᠭᠠᠨ᠎ᠠ᠃ ᠢᠲᠡᠭᠡᠯᠲᠦ ᠪᠠᠭᠰᠢ᠄《 ᠭᠣᠣᠯ ᠰᠡᠳᠬᠢᠯ ᠨᠢ ᠰᠦᠮᠪᠦᠷ ᠠᠭᠤᠯᠠ ᠪᠣᠯᠤᠭᠠᠳ ᠢᠵᠠᠭᠤᠷ ᠤ᠋ᠨ5 ᠪᠤᠷᠬᠠᠳ ᠢ᠋ ᠳᠡᠯᠭᠡᠷᠡᠭᠦᠯᠦᠨ᠎ᠡ》 ᠭᠡᠮᠡᠨ ᠠᠢᠯᠠᠳᠤᠯ᠎ᠠ᠃
2024.12.30
ᠯᠤᠤ ᠵᠢᠯ᠂ ᠬᠤᠯᠤᠭᠠᠨ᠎ᠠ ᠰᠠᠷ᠎ᠠ ᠶ᠋ᠢᠨ30 ᠤ᠋ ᠰᠢᠷ᠎ᠠ ᠯᠤᠤ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠨᠢᠭᠡ ᠬᠥᠮᠦᠨ᠄《 ᠰᠠᠢᠨ ᠣᠶᠤᠨ ᠠᠯᠳᠠᠷᠰᠢᠭᠰᠠᠨ ᠤ᠋ ᠥᠯᠮᠡᠢ ᠳ᠋ᠦ᠍ᠷ ᠰᠣᠶᠣᠷᠬᠠᠯ ᠲᠠᠯᠪᠢᠮᠤᠢ》 ᠭᠡᠨ᠎ᠡ᠃ ᠢᠲᠡᠭᠡᠯᠲᠦ ᠪᠠᠭᠰᠢ᠄《 ᠴᠣᠭᠲᠤ ᠽᠠᠨᠳᠠᠨ ᠳ᠋ᠤ᠌ ᠪᠤᠮ ᠪᠤᠮ ᠢ᠋ᠶ᠋ᠠᠷ ᠮᠥᠷᠭᠥᠵᠦ ᠰᠤᠳᠤᠷ ᠲᠠᠷᠨᠢ ᠶ᠋ᠢ ᠬᠣᠣᠰᠯᠠᠨ ᠪᠠᠷᠢᠮᠤᠢ》 ᠭᠡᠮᠡᠨ ᠠᠢᠯᠠᠳᠤᠯ᠎ᠠ᠃
2024.12.31
ᠯᠤᠤ ᠵᠢᠯ᠂ ᠦᠬᠡᠷ ᠰᠠᠷ᠎ᠠ ᠶ᠋ᠢᠨ1 ᠦ᠌ ᠰᠢᠷᠠᠭᠴᠢᠨ ᠮᠣᠭᠠᠢ ᠡᠳᠦᠷ ᠦ᠋ᠨ ᠴᠠᠭ ᠠᠮᠵᠢᠯᠲᠠᠲᠠᠢ ᠠᠯᠬᠤᠬᠤ ᠶ᠋ᠢᠨ ᠲᠤᠯᠠ ᠢᠲᠡᠭᠡᠯᠲᠦ ᠬᠠᠮᠪᠤ ᠪᠯᠠᠮ᠎ᠠ ᠶ᠋ᠢᠨ ᠰᠤᠷᠭᠠᠯ᠄
ᠪᠠᠭᠰᠢ ᠶ᠋ᠢᠨ ᠨᠣᠮ ᠵᠢᠭᠠᠬᠤ ᠳ᠋ᠤ᠌ ᠨᠢ ᠣᠶᠤᠨ ᠤᠬᠠᠭᠠᠨ ᠭᠡᠷᠡᠯᠲᠦᠨ᠎ᠡ᠃ ᠢᠲᠡᠭᠡᠯᠲᠦ ᠪᠠᠭᠰᠢ᠄《 ᠱᠠᠪᠢ ᠨᠠᠷ ᠤ᠋ᠨ ᠴᠡᠭᠡᠵᠢ ᠳ᠋ᠦ᠍ ᠰᠢᠩᠭᠡᠵᠦ ᠲᠣᠭᠲᠠᠨ᠎ᠠ》 ᠭᠡᠮᠡᠨ ᠠᠢᠯᠠᠳᠤᠯ᠎ᠠ᠃
ᠦᠰᠦᠭ ᠠᠮᠢᠯᠠᠭᠤᠯᠤᠭᠴᠢ᠄ ᠠᠯᠲᠠᠨᠨᠠᠪᠴᠢ
ᠬᠢᠨᠠᠭᠴᠢ᠄ ᠣᠳᠬᠠᠨᠰᠣ᠎ᠠ
