ᠮᠡᠬᠡᠷМэхээр ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠡᠬᠡᠷМэхээр

ᠮᠡᠬᠡᠷМэхээр

2025-01-08

560

ᠮᠡᠬᠡᠷ

   ᠲᠤᠰ ᠡᠮ ᠪᠣᠯ ᠰᠢᠮᠡᠯᠳᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠦᠬᠡᠷ ᠮᠡᠬᠡᠷ ᠦ᠋ᠨ ᠬᠠᠲᠠᠭᠠᠭᠰᠠᠨ ᠦᠨᠳᠦᠰᠦᠯᠢᠭ ᠡᠰᠢ ᠮᠥᠨ᠃ ᠪᠠᠰᠠ ᠭᠠᠲᠦᠢ᠍ᠷ᠂ ᠯᠢᠭᠠᠲᠦᠢ᠍ᠷ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃50—90cm ᠥᠨᠳᠥᠷ᠂ ᠦᠨᠳᠦᠰᠦᠯᠢᠭ ᠡᠰᠢ ᠨᠢ ᠮᠢᠬᠠᠯᠢᠬᠴᠢᠨ ᠵᠤᠵᠠᠭᠠᠷᠠᠭᠠᠳ ᠨᠢᠳᠤᠷᠭ᠎ᠠ ᠰᠢᠭ᠋᠂ ᠭᠠᠳᠠᠷ ᠬᠠᠯᠢᠰᠤ ᠨᠢ ᠪᠣᠷᠣ ᠤᠯᠠᠭᠠᠨ᠃ ᠡᠰᠢ ᠨᠢ ᠰᠢᠯᠤᠭᠤᠨ᠂ ᠭᠠᠭᠴᠠᠭᠠᠷ ᠪᠤᠶᠤ ᠣᠯᠠᠨ ᠡᠰᠢ ᠪᠤᠲᠠᠯᠠᠨ ᠤᠷᠭᠤᠨ᠎ᠠ᠃ ᠰᠠᠯᠠᠭᠠᠯᠠᠬᠤ ᠦᠭᠡᠢ᠃ ᠢᠵᠠᠭᠤᠷ ᠤ᠋ᠨ ᠨᠠᠪᠴᠢ ᠨᠢ ᠪᠤᠲᠠᠯᠠᠨ᠎ᠠ᠃ ᠤᠷᠲᠤ ᠨᠠᠪᠴᠢᠨ ᠪᠠᠷᠢᠭᠤᠯ ᠲᠠᠢ᠃ ᠨᠠᠪᠴᠢ12—18cm ᠤᠷᠲᠤ᠂2.5—6cm ᠥᠷᠭᠡᠨ᠂ ᠵᠤᠤᠪᠠᠩ ᠠ᠋ᠴᠠ ᠥᠨᠳᠡᠭᠡᠯᠵᠢᠨ ᠬᠠᠪᠲᠠᠭᠠᠢ ᠲᠡᠪᠡᠨᠡ ᠬᠡᠯᠪᠡᠷᠢ ᠲᠡᠢ᠃ ᠣᠬᠣᠷ ᠱᠣᠪᠬᠣ ᠪᠤᠶᠤ ᠮᠤᠬᠤᠷ ᠦᠵᠦᠭᠦᠷ ᠲᠡᠢ᠂ ᠵᠢᠷᠦᠬᠡᠨ ᠬᠡᠯᠪᠡᠷᠢ ᠪᠤᠶᠤ ᠲᠣᠭᠣᠷᠢᠭ ᠤᠭ ᠲᠠᠢ ᠪᠥᠭᠡᠳ ᠳᠣᠷᠣᠭᠰᠢ ᠰᠤᠨᠵᠤ ᠳᠠᠯᠠᠪᠴᠢ ᠰᠢᠭ ᠪᠣᠯᠳᠠᠭ᠃ ᠮᠠᠲᠠᠷᠢᠭᠰᠠᠨ ᠬᠥᠪᠡᠭᠡ ᠲᠡᠢ᠂ ᠦᠰᠦ ᠦᠭᠡᠢ ᠪᠤᠶᠤ ᠬᠠᠶᠠ ᠠᠷᠤ ᠳ᠋ᠤᠨᠢ ᠲᠠᠷᠠᠮᠠᠭ ᠵᠥᠭᠡᠯᠡᠨ ᠦᠰᠦ ᠲᠡᠢ᠂ ᠢᠵᠠᠭᠤᠷ ᠤ᠋ᠨ ᠨᠠᠪᠴᠢ ᠨᠢ ᠵᠢᠵᠢᠭ᠂ ᠪᠠᠷᠤᠭ ᠪᠠᠷᠢᠭᠤᠯ ᠦᠭᠡᠢ᠂ ᠨᠠᠪᠴᠢ ᠨᠢ ᠬᠠᠪᠲᠠᠭᠠᠢ ᠲᠡᠪᠡᠨᠡ ᠡᠴᠡ ᠪᠦᠰᠡᠯᠢᠭ ᠬᠡᠯᠪᠡᠷᠢ ᠲᠡᠢ᠃ ᠲᠣᠰᠬᠣᠭᠤᠷ ᠨᠠᠪᠴᠢᠨ ᠤ᠋ ᠪᠠᠭᠯᠠᠭᠴᠢ ᠨᠢ ᠬᠠᠯᠢᠰᠤᠯᠢᠭ ᠬᠣᠭᠣᠯᠠᠢ ᠬᠡᠯᠪᠡᠷᠢ ᠲᠡᠢ᠂ ᠤᠷᠲᠤ ᠨᠢ3cm ᠬᠦᠷᠳᠡᠭ᠃ ᠲᠦᠷᠦᠭᠦᠦ ᠬᠡᠯᠪᠡᠷᠢᠲᠦ ᠪᠠᠭ ᠴᠡᠴᠡᠭ ᠨᠢ ᠡᠰᠢᠨ ᠦ᠌ ᠣᠷᠣᠢ ᠳ᠋ᠤ᠌ ᠳᠡᠯᠭᠡᠷᠡᠨ᠎ᠡ᠂6cm ᠤᠷᠲᠤ᠃ ᠴᠡᠴᠡᠭ ᠨᠢ ᠵᠢᠵᠢᠭ᠂ ᠴᠡᠴᠡᠭ ᠦ᠋ᠨ ᠰᠢᠳᠠᠷ ᠨᠢ ᠴᠠᠭᠠᠨ ᠪᠤᠶᠤ ᠤᠯᠠᠪᠤᠷ ᠥᠩᠭᠡ ᠲᠡᠢ᠂ 5 ᠣᠨᠢ ᠲᠠᠢ᠂ ᠰᠡᠵᠢᠭᠦᠷ ᠢᠯᠲᠠᠰᠤ ᠶ᠋ᠢᠨ ᠤᠷᠲᠤ ᠨᠢ3mm ᠬᠦᠷᠳᠡᠭ᠃ ᠡᠷ᠎ᠡ ᠲᠣᠭᠣᠷᠴᠣᠭ ᠨᠢ8. ᠴᠡᠴᠡᠭ ᠦ᠋ᠨ ᠰᠢᠳᠠᠷ ᠤ᠋ᠨ ᠤᠭ ᠤ᠋ᠨ ᠬᠡᠰᠡᠭ ᠲᠦ᠍ ᠤᠷᠭᠤᠨ᠎ᠠ᠃ ᠤᠮᠠᠢ ᠨᠢ ᠳᠡᠭᠡᠳᠦ ᠣᠷᠣᠨ ᠲᠠᠢ᠂ ᠴᠡᠴᠡᠭ ᠦ᠋ᠨ ᠪᠠᠭᠠᠨ᠎ᠠ ᠨᠢ 3 ᠣᠨᠢ ᠲᠠᠢ᠃ ᠲᠤᠷᠠᠩᠬᠠᠢ ᠵᠢᠮᠢᠰ ᠨᠢ ᠭᠤᠷᠪᠠᠯᠵᠢᠨ᠂3mm ᠣᠷᠴᠢᠮ ᠤᠷᠲᠤ᠂ ᠬᠦᠷᠡᠩ ᠥᠩᠭᠡ ᠲᠡᠢ᠂ ᠶᠡᠷᠦ ᠳ᠋ᠡᠭᠡᠨ ᠮᠥᠩᠬᠡ ᠣᠷᠣᠰᠢᠬᠤ ᠴᠡᠴᠡᠭ ᠦ᠋ᠨ ᠰᠢᠳᠠᠷ ᠤ᠋ᠨ ᠳᠣᠲᠣᠷ᠎ᠠ ᠪᠦᠷᠬᠦᠭᠳᠡᠵᠦ ᠪᠣᠢ᠃6—9 9 ᠳ᠋ᠦ᠍ᠭᠡᠷ ᠰᠠᠷ᠎ᠠ ᠳ᠋ᠤ᠌ ᠴᠡᠴᠡᠭᠯᠡᠵᠦ᠂9—11 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠠᠭᠤᠯᠠᠨ ᠬᠠᠵᠠᠭᠤ ᠶ᠋ᠢᠨ ᠦᠯᠦᠡᠭ ᠡᠪᠡᠰᠦ᠂ ᠰᠡᠭᠦᠳᠡᠷᠯᠢᠭ ᠨᠣᠢᠲᠠᠨ ᠭᠠᠵᠠᠷ ᠳᠤ ᠤᠷᠭᠤᠨ᠎ᠠ᠃ ᠥᠪᠥᠷ ᠮᠣᠩᠭᠣᠯ᠂ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ᠂ ᠾᠧᠨᠠᠨ᠂ ᠱᠠᠨᠳᠦ᠋ᠩ᠂ ᠵᠢᠶᠠᠩᠰᠦ᠂ ᠵᠧᠵᠢᠶᠠᠩ᠂ ᠬᠤᠪᠧᠢ ᠵᠡᠷᠭᠡ ᠮᠣᠵᠢ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠬᠠᠪᠤᠷ᠂ ᠨᠠᠮᠤᠷ ᠮᠠᠯᠲᠠᠨ ᠠᠪᠴᠤ᠂ ᠦᠯᠡᠳᠡᠭᠳᠡᠯ ᠡᠰᠢ᠂ ᠰᠢᠪᠡᠷ ᠰᠢᠷᠣᠢ ᠶ᠋ᠢ ᠨᠢ ᠠᠷᠢᠯᠭᠠᠭᠠᠳ ᠬᠠᠲᠠᠭᠠᠭᠰᠠᠨ ᠤ᠋ ᠰᠡᠭᠦᠯᠡᠷ ᠰᠠᠬᠠᠯ ᠦᠨᠳᠦᠰᠦ ᠶ᠋ᠢ ᠨᠢ ᠦᠩᠭᠡᠵᠦ ᠤᠨᠠᠭᠠᠬᠤ ᠪᠤᠶᠤ ᠬᠤᠢᠬᠠᠯᠠᠨ ᠠᠷᠢᠯᠭᠠᠨ᠎ᠠ᠃
   [ ᠠᠮᠲᠠ᠂ ᠴᠢᠨᠠᠷ᠂ ᠡᠷᠳᠡᠮ] ᠡᠬᠡᠭᠦᠨ᠂ ᠭᠤᠱᠤᠭᠤᠨ ᠠᠮᠲᠠ ᠲᠠᠢ᠃ ᠰᠡᠷᠢᠭᠦᠨ ᠴᠢᠨᠠᠷ ᠲᠠᠢ᠃ ᠮᠣᠬᠣᠳᠠᠭ᠂ ᠡᠶᠡᠯᠳᠡᠭ᠂ ᠬᠠᠭᠤᠷᠠᠢ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠠᠭᠤᠰᠬᠢᠨ ᠤ᠋ ᠬᠠᠯᠠᠭᠤᠨ ᠢ᠋ ᠠᠷᠢᠯᠭᠠᠬᠤ᠂ ᠰᠠᠭᠤᠯᠭᠠᠬᠤ ᠶ᠋ᠢ ᠵᠣᠭᠰᠣᠭᠠᠬᠤ᠂ ᠬᠠᠪᠤᠳᠠᠷ ᠢ᠋ ᠬᠠᠷᠢᠭᠤᠯᠠᠬᠤ᠂ ᠬᠣᠣᠷ ᠢ᠋ ᠲᠠᠢᠯᠬᠤ᠂ ᠰᠢᠷ᠎ᠠ ᠤᠰᠤ ᠶ᠋ᠢ ᠲᠠᠲᠠᠬᠤ ᠴᠢᠳᠠᠯ ᠲᠠᠢ᠃ ᠭᠣᠣᠯᠳᠠᠭᠤ ᠬᠢᠵᠢᠭ ᠲᠠᠭᠰᠢᠭᠤᠷ᠂ ᠠᠭᠤᠰᠬᠢᠨ ᠤ᠋ ᠬᠠᠯᠠᠭᠤᠨ᠂ ᠭᠡᠳᠡᠰᠦᠨ ᠬᠠᠳᠬᠤᠯᠭ᠎ᠠ᠂ ᠬᠣᠣᠷ ᠬᠠᠷᠰᠢᠭᠰᠠᠨ᠂ ᠭᠡᠰᠢᠭᠦᠨ ᠦ᠌ ᠬᠠᠪᠤᠳᠠᠷ ᠵᠡᠷᠭᠡ ᠡᠪᠡᠳᠴᠢᠨ ᠢ᠋ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 拳参
   ᠠᠩᠭ᠌ᠯᠢ ᠨᠡᠷ᠎ᠡ᠄Bistorta officinalis Raf.

   ᠦᠰᠦᠭ ᠠᠮᠢᠯᠠᠭᠤᠯᠤᠭᠴᠢ᠄ ᠪᠣᠷᠣᠨᠤᠳ᠂ ᠴᠢᠮᠡᠭ 
   ᠬᠢᠨᠠᠭᠴᠢ᠄ ᠲᠤᠶᠠᠭ᠎ᠠ