ᠮᠠᠨᠤМану ᠡᠪᠡᠰᠦ ᠤᠷᠭᠤᠮᠠᠯ

  1. ᠲᠡᠷᠢᠭᠦᠨ ᠨᠢᠭᠤᠷ >
  2. ᠨᠡᠪᠲᠡᠷᠡᠭᠦᠯᠭᠡ >
  3. ᠮᠠᠨᠤМану

ᠮᠠᠨᠤМану

2025-01-09

435

ᠮᠠᠨᠤ

   ᠲᠤᠰ ᠡᠮ ᠪᠣᠯ ᠤᠳ᠋ᠪᠠᠯ᠎ᠠ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠭᠣᠶᠣ ᠠᠯᠲᠠᠨ ᠳᠤᠰᠤᠯ ᠴᠡᠴᠡᠭ ᠦ᠋ᠨ ᠬᠠᠲᠠᠭᠠᠭᠰᠠᠨ ᠦᠨᠳᠦᠰᠦ ᠮᠥᠨ᠃   ᠪᠠᠰᠠ ᠮᠠᠨᠤᠪᠠᠳᠠᠷ᠎ᠠ ᠭᠡᠳᠡᠭ᠃
   [ ᠤᠤᠯ ᠤᠷᠭᠤᠮᠠᠯ] ᠣᠯᠠᠨ ᠨᠠᠰᠤᠲᠤ ᠡᠪᠡᠰᠦᠯᠢᠭ ᠤᠷᠭᠤᠮᠠᠯ᠃1-2m ᠥᠨᠳᠥᠷ᠂ ᠪᠦᠬᠦ ᠪᠡᠶ᠎ᠡ ᠳ᠋ᠦ᠍ᠨᠢ ᠨᠢᠭ ᠣᠬᠣᠷ ᠴᠠᠭᠠᠨ ᠦᠰᠦ ᠲᠡᠢ᠃ ᠦᠨᠳᠦᠰᠦ ᠨᠢ ᠮᠢᠬᠠᠯᠢᠭ ᠪᠦᠳᠦᠭᠦᠨ᠂ ᠠᠩᠬᠢᠯᠤᠮ᠎ᠠ ᠦᠨᠦᠷ ᠲᠡᠢ᠃ ᠤᠵᠠᠭᠤᠷ ᠤ᠋ᠨ ᠨᠠᠪᠴᠢ ᠨᠢ ᠲᠣᠮᠣ᠂ ᠵᠤᠤᠪᠠᠩᠯᠢᠭ ᠬᠠᠪᠲᠠᠭᠠᠢ ᠲᠡᠪᠡᠨᠡ ᠬᠡᠯᠪᠡᠷᠢ ᠲᠡᠢ᠂40cm ᠤᠷᠲᠤ᠂15cm ᠥᠷᠭᠡᠨ᠃ ᠲᠡᠭᠰᠢ ᠪᠤᠰᠤ ᠬᠢᠷᠥᠭᠡᠨ ᠰᠢᠲᠦᠨ ᠬᠥᠪᠡᠭᠡ ᠲᠡᠢ᠃ ᠡᠰᠢᠨ ᠳ᠋ᠡᠬᠢ ᠨᠠᠪᠴᠢ ᠨᠢ ᠨᠡᠯᠢᠶᠡᠳ ᠵᠢᠵᠢᠭ᠂ ᠪᠠᠷᠢᠭᠤᠯ ᠦᠭᠡᠢ᠂ ᠤᠷᠲᠤᠪᠲᠤᠷ ᠲᠣᠭᠣᠷᠢᠭ ᠰᠢᠭ᠋ ᠥᠨᠳᠡᠭᠡᠯᠵᠢᠨ᠂ ᠤᠭ ᠨᠢ ᠵᠢᠷᠦᠬᠡᠨ ᠬᠡᠯᠪᠡᠷᠢ ᠲᠡᠢ᠂ ᠡᠰᠢ ᠪᠡᠨ ᠬᠠᠭᠠᠰ ᠪᠠᠭᠯᠠᠬᠤ ᠪᠥᠭᠡᠳ ᠬᠣᠶᠠᠷ ᠲᠠᠯ᠎ᠠ ᠳ᠋ᠤᠨᠢ ᠲᠤᠰ ᠪᠦᠷᠢ ᠨᠢᠭᠡ ᠴᠢᠬᠢ ᠰᠢᠭ ᠵᠢᠵᠢᠭ ᠢᠯᠲᠠᠰᠤ ᠲᠠᠢ᠃ ᠲᠣᠯᠣᠭᠠᠢ ᠬᠡᠯᠪᠡᠷᠢᠲᠦ ᠪᠠᠭ ᠴᠡᠴᠡᠭ ᠨᠢ ᠭᠠᠭᠴᠠᠭᠠᠷ ᠡᠰᠢ ᠰᠠᠯᠠᠭ᠎ᠠ ᠶ᠋ᠢᠨ ᠣᠷᠣᠢ ᠳ᠋ᠤ᠌ ᠳᠡᠯᠭᠡᠷᠡᠬᠦ ᠪᠤᠶᠤ ᠰᠡᠢᠷᠡᠩᠭᠡᠨ ᠲᠡᠭᠰᠢ ᠣᠷᠣᠢᠲᠤ ᠲᠣᠮᠣ ᠪᠠᠭ ᠴᠡᠴᠡᠭ ᠪᠣᠯᠵᠤ ᠵᠡᠷᠭᠡᠴᠡᠨ ᠳᠡᠯᠭᠡᠷᠡᠨ᠎ᠡ᠃ ᠶᠡᠷᠦᠩᠬᠡᠢ ᠪᠠᠭᠯᠠᠭᠴᠢ ᠢᠯᠲᠠᠰᠤ ᠨᠢ5-6 ᠮᠥᠷ᠃ ᠴᠡᠴᠡᠭ ᠨᠢ ᠰᠢᠷ᠎ᠠ ᠥᠩᠭᠡ ᠲᠡᠢ᠂ ᠬᠡᠯᠡ ᠬᠡᠯᠪᠡᠷᠢᠲᠦ ᠴᠡᠴᠡᠭ ᠨᠢ ᠡᠮ᠎ᠡ ᠪᠡᠯᠭᠡ ᠲᠡᠢ᠂ ᠴᠣᠷᠭᠣ ᠬᠡᠯᠪᠡᠷᠢᠲᠦ ᠴᠡᠴᠡᠭ ᠨᠢ ᠬᠣᠣᠰ ᠪᠡᠯᠭᠡ ᠲᠡᠢ᠃ ᠲᠤᠷᠠᠩᠬᠠᠢ ᠵᠢᠮᠢᠰ ᠨᠢ4-5 ᠢᠷᠮᠡᠭ ᠲᠡᠢ᠂ ᠴᠠᠭᠠᠨ ᠲᠢᠲᠢᠮ ᠦᠰᠦ ᠲᠡᠢ᠃5-7 ᠳ᠋ᠤᠭᠠᠷ ᠰᠠᠷ᠎ᠠ ᠳ᠋ᠤ᠌ ᠴᠡᠴᠡᠭᠯᠡᠵᠦ᠂7-9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
   [ ᠤᠷᠭᠤᠬᠤ ᠣᠷᠴᠢᠨ ᠬᠢᠭᠡᠳ ᠲᠠᠷᠬᠠᠴᠠ] ᠭᠣᠣᠯ ᠤ᠋ᠨ ᠬᠥᠪᠡᠭᠡ᠂ ᠲᠠᠷᠢᠶᠠᠨ ᠤ᠋ ᠵᠠᠬ᠎ᠠ᠂ ᠴᠢᠭᠢᠭᠯᠢᠭ ᠨᠣᠢᠲᠠᠨ ᠭᠠᠵᠠᠷ ᠲᠤ ᠤᠷᠭᠤᠨ᠎ᠠ᠃ ᠥᠪᠥᠷ ᠮᠣᠩᠭᠣᠯ᠂ ᠾᠧᠪᠧᠢ᠂ ᠱᠠᠨᠰᠢ᠂ ᠰᠢᠨᠵᠢᠶᠠᠩ᠂ ᠭᠠᠨᠰᠦ᠂ ᠬᠥᠬᠡᠨᠠᠭᠤᠷ ᠵᠡᠷᠭᠡ ᠭᠠᠵᠠᠷ ᠣᠷᠣᠨ ᠳ᠋ᠤ᠌ ᠲᠠᠷᠬᠠᠴᠠ ᠲᠠᠢ᠃
   [ ᠲᠡᠭᠦᠵᠦ ᠪᠣᠯᠪᠠᠰᠤᠷᠠᠭᠤᠯᠬᠤ] ᠨᠠᠮᠤᠷ ᠤ᠋ᠨ ᠰᠡᠭᠦᠯᠴᠢ ᠪᠡᠷ ᠦᠨᠳᠦᠰᠦ ᠶ᠋ᠢ ᠨᠢ ᠮᠠᠯᠲᠠᠨ ᠠᠪᠴᠤ᠂ ᠦᠯᠡᠳᠡᠭᠳᠡᠯ ᠡᠰᠢ᠂ ᠰᠢᠪᠠᠷ ᠰᠢᠷᠣᠢ ᠶ᠋ᠢ ᠨᠢ ᠠᠷᠢᠯᠭᠠᠨ ᠴᠡᠪᠡᠷᠯᠡᠭᠡᠳ ᠬᠡᠷᠴᠢᠨ ᠲᠠᠰᠤᠯᠵᠤ᠂ ᠨᠡᠯᠢᠶᠡᠳ ᠪᠦᠳᠦᠭᠦᠨ ᠢ᠋ ᠨᠢ ᠭᠤᠯᠳᠤ ᠪᠠᠷ ᠬᠠᠭᠠᠯᠤᠭᠠᠳ ᠨᠠᠷᠠᠨ ᠳ᠋ᠤ᠌ ᠬᠠᠲᠠᠭᠠᠨ᠎ᠠ᠃
   [ ᠠᠮᠲᠠ᠂ ᠴᠢᠨᠠᠷ᠂ ᠡᠷᠳᠡᠮ] ᠭᠠᠰᠢᠭᠤᠨ᠂ ᠭᠤᠱᠤᠭᠤᠨ᠂ ᠠᠮᠲᠠᠯᠢᠭ ᠠᠮᠲᠠ ᠲᠠᠢ᠃ ᠲᠡᠭᠰᠢ ᠴᠢᠨᠠᠷ ᠲᠠᠢ᠃ ᠬᠤᠷᠴᠠ᠂ ᠬᠠᠭᠤᠷᠠᠢ᠂ ᠲᠣᠰᠣᠯᠢᠭ ᠡᠷᠳᠡᠮ ᠲᠡᠢ᠃
   [ ᠴᠢᠳᠠᠯ ᠪᠠ ᠭᠣᠣᠯᠳᠠᠭᠤ ᠵᠠᠰᠠᠬᠤ] ᠪᠠᠳᠬᠠᠨ ᠬᠠᠯᠠᠭᠤᠨ ᠢ᠋ ᠠᠷᠢᠯᠭᠠᠬᠤ᠂ ᠬᠢᠵᠢᠭ ᠢ᠋ ᠪᠣᠯᠪᠠᠰᠤᠷᠠᠭᠤᠯᠬᠤ᠂ ᠬᠠᠳᠬᠤᠯᠭ᠎ᠠ ᠶ᠋ᠢ ᠳᠠᠷᠤᠬᠤ᠂ ᠴᠢᠰᠤᠨ ᠬᠠᠯᠠᠭᠤᠨ ᠢ᠋ ᠠᠷᠢᠯᠭᠠᠬᠤ᠂ ᠢᠳᠡᠭᠡᠨ ᠢ᠋ ᠰᠢᠩᠭᠡᠭᠡᠬᠦ᠂ ᠳᠤᠷ᠎ᠠ ᠶ᠋ᠢ ᠨᠡᠭᠡᠭᠡᠬᠦ ᠴᠢᠳᠠᠯ ᠲᠠᠢ᠃ ᠭᠣᠣᠯᠳᠠᠭᠤ ᠪᠠᠳᠬᠠᠨ ᠬᠠᠯᠠᠭᠤᠨ᠂ ᠡᠰᠡ ᠪᠣᠯᠪᠠᠰᠤᠷᠠᠭᠰᠠᠨ ᠬᠠᠯᠠᠭᠤᠨ᠂ ᠬᠢᠵᠢᠭ ᠲᠠᠭᠰᠢᠭᠤᠷ᠂ ᠬᠡᠢ ᠴᠢᠰᠤ ᠬᠢᠮᠤᠷᠠᠵᠤ ᠬᠠᠳᠬᠤᠯᠠᠬᠤ᠂ ᠠᠮᠢᠰᠬᠤᠯ ᠳᠠᠪᠬᠤᠴᠠᠬᠤ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃

   ᠬᠢᠲᠠᠳ ᠨᠡᠷ᠎ᠡ᠄ 土木香
   ᠠᠩᠭ᠌ᠯᠢ ᠨᠡᠷ᠎ᠡ᠄Inula helenium L.

    ᠦᠰᠦᠭ ᠠᠮᠢᠯᠠᠭᠤᠯᠤᠭᠴᠢ᠄ ᠴᠡᠪᠡᠷᠴᠡᠴᠡᠭ
    ᠬᠢᠨᠠᠭᠴᠢ᠄ ᠲᠤᠶᠠᠭ᠎ᠠ