ᠥᠭᠦᠯᠡᠪᠦᠷᠢ ᠶ᠋ᠢᠨ ᠵᠦᠢ05 ᠮᠣᠩᠭᠣᠯ ᠬᠡᠯᠡᠨ ᠦ᠌ ᠥᠭᠦᠯᠡᠪᠦᠷᠢ ᠳ᠋ᠦ᠍ ᠴᠡᠭ ᠲᠡᠮᠳᠡᠭ ᠬᠡᠷᠡᠭᠯᠡᠬᠦ ᠲᠤᠬᠠᠢ
ᠠᠩᠭᠢᠯᠠᠯ:ᠬᠡᠯᠡ ᠪᠢᠴᠢᠭХэл бичиг 2025-10-20
337
ᠲᠠᠪᠤ᠃ ᠮᠣᠩᠭᠣᠯ ᠬᠡᠯᠡᠨ ᠦ᠌ ᠥᠭᠦᠯᠡᠪᠦᠷᠢ ᠳ᠋ᠦ᠍ ᠴᠡᠭ ᠲᠡᠮᠳᠡᠭ ᠬᠡᠷᠡᠭᠯᠡᠬᠦ ᠲᠤᠬᠠᠢ (ᠨᠢᠭᠡ) ᠴᠡᠭ ᠲᠡᠮᠳᠡᠭ ᠦ᠋ᠨ ᠦᠢᠯᠡᠳᠦᠯ ᠴᠡᠭ ᠲᠡᠮᠳᠡᠭ ᠨᠢ ᠪᠢᠴᠢᠭ ᠵᠣᠬᠢᠶᠠᠯ ᠤ᠋ᠨ ᠬᠡᠯᠡᠯᠭᠡ ᠳ᠋ᠦ᠍ ᠳᠤᠲᠠᠭᠳᠠᠵᠤ ᠪᠣᠯᠣᠰᠢ ᠦᠭᠡᠢ᠂ ᠬᠠᠪᠰᠤᠷᠤᠯᠭ᠎ᠠ ᠶ᠋ᠢᠨ ᠪᠠᠭᠠᠵᠢ ᠮᠥᠨ᠃ ᠲᠡᠷᠡ ᠨᠢ ᠤᠩᠰᠢᠭᠴᠢ ᠶ᠋ᠢ ᠬᠠᠪᠰᠤᠷᠴᠤ ᠥᠭᠦᠯᠡᠪᠦᠷᠢ ᠶ᠋ᠢᠨ ᠪᠦᠲᠦᠴᠡ ᠶ᠋ᠢ ᠣᠢᠯᠠᠭᠠᠭᠤᠯᠤᠨ᠂ ᠬᠡᠯᠡᠬᠦ ᠠᠶᠠᠯᠭᠤ ᠶ᠋ᠢ ᠢᠯᠭᠠᠷᠠᠭᠤᠯᠤᠭᠠᠳ᠂ ᠤᠳᠬ᠎ᠠ ᠰᠠᠨᠠᠭ᠎ᠠ ᠶ᠋ᠢ ᠵᠥᠪ ᠣᠨᠣᠪᠴᠢᠲᠠᠢ ᠨᠡᠪᠲᠡᠷᠡᠭᠦᠯᠦᠨ᠎ᠡ...