ᠱᠣᠳᠣᠭᠣᠷ ᠣᠷᠢᠶᠠᠮᠠᠭШодгор ороомогShodgor oroomog
ᠠᠩᠭᠢᠯᠠᠯ:ᠡᠪᠡᠰᠦ ᠤᠷᠭᠤᠮᠠᠯӨвс ургамал 2025-08-19
128
ᠱᠣᠳᠣᠭᠣᠷ ᠣᠷᠢᠶᠠᠮᠠᠭ ᠲᠤᠰ ᠡᠮ ᠪᠣᠯ ᠬᠣᠯᠲᠣᠰᠣᠨ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠱᠣᠳᠣᠭᠣᠷ ᠣᠷᠢᠶᠠᠮᠠᠭ ᠤ᠋ᠨ ᠬᠠᠲᠠᠭᠠᠭᠰᠠᠨ ᠬᠥᠷᠥᠰᠥᠨ ᠳᠡᠭᠡᠷᠡᠬᠢ ᠬᠡᠰᠡᠭ ᠮᠥᠨ᠃ ᠪᠠᠰᠠ ᠶᠧᠮᠣᠩᠨᠠᠭᠪᠣ ᠭᠡᠳᠡᠭ᠃ [ ᠤᠤᠯ ᠤᠷᠭᠤᠮᠠᠯ] ᠡᠪᠡᠰᠦᠯᠢᠭ ᠳᠠᠩᠰᠠ᠃ ᠰᠠᠯᠠᠭ᠎ᠠ ᠮᠥᠴᠢᠷ ᠨᠢ ᠢᠷᠮᠡᠭ ᠲᠡᠢ᠂ ᠵᠢᠵᠢᠭ ᠮᠥᠴᠢᠷ ᠳᠡᠭᠡᠷ᠎ᠡ ᠨᠢ ᠣᠬᠣᠷ ᠵᠥᠭᠡᠯᠡᠨ ᠦᠰᠦ ᠲᠡᠢ ᠪᠤᠶᠤ ᠪᠠᠷᠤᠭ ᠦᠰᠦ ᠦᠭᠡᠢ᠃ ᠨᠢᠭᠡ ᠡᠴᠡ ᠬᠣᠶᠠᠷᠳᠠᠭᠰᠠᠨ ᠥᠳᠥᠯᠢᠭ ᠨᠡᠢᠯᠡᠮᠡᠯ ᠨᠠᠪᠴᠢ ᠲᠠ...