ᠨᠢᠭᠡᠨ ᠨᠣᠮ ᠲᠠᠪᠴᠠᠩ ᠦ᠋ᠨ ᠡᠳᠦᠷ ᠦ᠋ᠨ ᠲᠡᠮᠳᠡᠭᠯᠡᠯ ᠡᠴᠡ – 13 Нэгэн ном тавцан үн өдөр үн тэмдэглэлээс – 13
ᠠᠩᠭᠢᠯᠠᠯ:ᠨᠠᠢᠷᠠᠭᠤᠯᠤᠯ ᠥᠭᠦᠯᠡᠯᠭᠡНайруулал өгүүллэг 2025-01-03
535
ᠨᠢᠭᠡ ᠡᠳᠦᠷ ᠬᠣᠶᠠᠷ ᠨᠠᠢᠵᠠ ᠴᠣᠭ ᠡᠯᠡᠰᠦᠨ ᠴᠦᠯ ᠳ᠋ᠦ᠍ ᠶᠠᠪᠤᠵᠤ ᠪᠠᠢᠭᠰᠠᠨ ᠭᠡᠨ᠎ᠡ᠃ ᠲᠡᠭᠡᠭᠡᠳ ᠬᠣᠶᠠᠭᠤᠯᠠ ᠨᠢᠭᠡ ᠵᠢᠵᠢᠭ ᠤᠴᠢᠷ ᠠ᠋ᠴᠠ ᠪᠣᠯᠵᠤ ᠬᠡᠷᠡᠭᠦᠯ ᠬᠢᠭᠡᠳ ᠨᠢᠭᠡ ᠵᠠᠯᠠᠭᠤ ᠨᠢ ᠨᠥᠭᠥᠭᠡ ᠪᠡᠨ ᠠᠯᠠᠭᠠᠳᠠᠭᠰᠠᠨ ᠭᠡᠨ᠎ᠡ᠃ ᠠᠯᠠᠭᠠᠳᠠᠭᠤᠯᠤᠭᠰᠠᠨ ᠵᠠᠯᠠᠭᠤ ᠨᠢ ᠶᠡᠬᠡ ᠭᠣᠮᠣᠳᠠᠵᠤ ᠡᠯᠡᠰᠦᠨ ᠳᠡᠭᠡᠷ᠎ᠡ᠄ 《ᠥᠨᠥᠳᠥᠷ ᠮᠢᠨᠦ ᠨᠠᠢᠵᠠ ᠨᠠᠮ᠎ᠠ ᠶ᠋ᠢ ᠨᠢᠭᠡ ᠠᠯᠠᠭᠠᠳᠠᠪᠠ》 ᠭᠡᠵᠦ ᠪᠢᠴᠢᠭᠰᠡᠨ ᠭᠡᠨ᠎ᠡ᠃ ᠬᠣᠶᠠᠭᠤᠯᠠ ᠵᠠᠯᠭᠠᠭᠠᠳ ᠶᠠᠪᠤᠭᠰᠠᠭᠠᠷ ᠨᠢᠭ...