ᠰᠤᠷᠭᠠᠭᠤᠯᠢ ᠨᠡᠢᠭᠡᠮ ᠲᠡᠢ ᠰᠠᠢᠬᠠᠨ ᠬᠠᠮᠵᠢᠯᠴᠠᠶ᠎ᠠ-ᠬᠡᠦᠬᠡᠳ ᠦ᠋ᠨ ᠬᠥᠮᠦᠵᠢᠯ ᠳ᠋ᠦ᠍ ᠭᠡᠷ ᠦ᠋ᠨ ᠠᠬᠠᠮᠠᠳ ᠤ᠋ᠨ ᠠᠩᠬᠠᠷᠬᠤ ᠵᠦᠢᠯ ᠦ᠋ᠳ-ᠮᠣᠩᠭᠣᠯᠴᠤᠳ ᠤ᠋ᠨ ᠭᠡᠷ ᠪᠦᠯᠢ ᠶ᠋ᠢᠨ ᠬᠥᠮᠦᠵᠢᠯ3-10-ᠪᠣᠯᠣᠴᠢᠯᠠᠭᠤ
ᠠᠩᠭᠢᠯᠠᠯ:ᠲᠣᠷᠭᠠᠨ ᠵᠢᠯᠣᠭᠣ ᠭᠡᠷ ᠪᠦᠯᠢ ᠶ᠋ᠢᠨ ᠰᠤᠷᠭᠠᠯГэр бүлийн сургаал Торгон жолоо 2023-12-18
728
ᠠᠷᠪᠠ᠂ ᠰᠤᠷᠭᠠᠭᠤᠯᠢ ᠨᠡᠢᠭᠡᠮ ᠲᠡᠢ ᠰᠠᠢᠬᠠᠨ ᠬᠠᠮᠵᠢᠯᠴᠠᠶ᠎ᠠ ᠰᠤᠷᠭᠠᠭᠤᠯᠢ ᠶ᠋ᠢᠨ ᠰᠤᠷᠭᠠᠨ ᠬᠥᠮᠦᠵᠢᠯ ᠪᠣᠯ ᠳᠦᠷᠢᠮᠵᠢᠭᠰᠡᠨ᠂ ᠰᠢᠰᠲ᠋ᠧᠮ ᠲᠡᠢ ᠰᠤᠷᠭᠠᠨ ᠬᠥᠮᠦᠵᠢᠯ ᠪᠣᠯᠬᠤ ᠶᠤᠮ᠃ ᠲᠡᠷᠡ ᠨᠢ ᠬᠡᠦᠬᠡᠳ ᠲᠤ ᠶᠣᠰᠣ ᠮᠣᠷᠠᠯ᠂ ᠣᠶᠤᠨ ᠤᠬᠠᠭᠠᠨ᠂ ᠪᠡᠶ᠎ᠡ ᠮᠠᠬᠠᠪᠣᠳ᠂ ᠬᠥᠳᠡᠯᠮᠦᠷᠢ ᠵᠡᠷᠭᠡ ᠲᠤᠬᠠᠢ ᠶ᠋ᠢᠨ ᠨᠡᠢᠭᠡᠮ ᠦ᠋ᠨ ᠬᠡᠷᠡᠭᠴᠡᠭᠡ ᠳ᠋ᠦ᠍ ᠲᠣᠬᠢᠷᠠᠭᠰᠠᠨ ᠣᠯᠠᠨ ᠲᠠᠯ᠎ᠠ ᠶ᠋ᠢᠨ ᠬᠥᠮᠦᠵᠢᠯ ᠣᠯᠭᠣᠬᠤ ᠪᠠᠷ ᠪᠠᠷᠠᠬᠤ ᠦᠭᠡᠢ᠂ ᠪᠠᠰᠠ ᠲᠡᠳᠡᠨ ᠦ᠌ ᠢᠷᠡᠭᠡᠳᠦᠢ ᠳ᠋ᠦ᠍ ᠣᠷᠣᠰᠢᠨ ᠲ...