《ᠬᠥᠬᠡ ᠰᠤᠳᠤᠷ》 ᠤᠨ ᠨᠥᠬᠥᠪᠦᠷᠢ ᠲᠡᠪᠲᠡᠷ - ᠢᠨᠵᠠᠨᠨᠠᠰᠢ <ᠵᠢᠷᠠᠨ ᠨᠢᠭᠡᠳᠦᠭᠡᠷ ᠪᠦᠯᠦᠭ> "Хөх судар" он нөхвөр дэвтэр - Инжинаш <Жаран нэгдүгээр бүлэг>
ᠠᠩᠭᠢᠯᠠᠯ:ᠲᠡᠦᠬᠡ ᠰᠣᠶᠣᠯТүүх соёл 2024-07-01
479
《ᠬᠥᠬᠡ ᠰᠤᠳᠤᠷ》 ᠤᠨ ᠨᠥᠬᠥᠪᠦᠷᠢ ᠲᠡᠪᠲᠡᠷ - ᠵᠢᠷᠠᠨ ᠨᠢᠭᠡᠳᠦᠭᠡᠷ ᠪᠦᠯᠦᠭ ᠤᠯᠠᠭᠴᠢᠨ ᠲᠠᠤᠯᠠᠢ ᠵᠢᠯ ᠡᠨᠳᠡ ᠡᠴᠡ ᠡᠬᠢᠯᠡᠪᠡ᠂ ᠲᠠᠢᠽᠦ ᠬᠠᠭᠠᠨ ᠳᠥᠴᠢᠨ ᠵᠢᠷᠭᠤᠭᠠᠨ ᠰᠡᠭᠦᠳᠡᠷᠯᠡᠪᠡ᠂ ᠶᠡᠬᠡ ᠶᠤᠸᠠᠨ ᠤᠯᠤᠰ ᠤ᠋ᠨ ᠴᠢᠩᠭᠢᠰ ᠬᠠᠭᠠᠨ ᠤ᠋ ᠬᠣᠶᠠᠳᠤᠭᠠᠷ ᠣᠨ ᠤᠯᠠᠭᠴᠢᠨ ᠲᠠᠤᠯᠠᠢ ᠵᠢᠯ᠂ ᠳᠤᠮᠳᠠᠳᠤ ᠠᠯᠲᠠᠨ ᠤᠯᠤᠰ ᠤ᠋ᠨ ᠵᠠᠩᠽᠦ᠋ᠩ ᠬᠠᠭᠠᠨ ᠤ᠋ ᠳᠠᠢ ᠾᠧ ᠬᠡᠮᠡᠬᠦ ᠶ᠋ᠢᠨ ᠳᠣᠯᠣᠳᠤᠭᠠᠷ ᠣᠨ᠂ ᠡᠮᠦᠨᠡᠲᠦ ᠰᠥᠩ ᠤᠯᠤᠰ ᠤ᠋ᠨ ᠨᠢᠩᠽᠥ᠋ᠩ ᠬᠠᠭᠠᠨ ᠤ᠋ ᠺᠠᠢ ᠰᠢ...