ᠴᠠᠭ ᠲᠥᠷᠥ ᠶᠢᠨ ᠦᠢᠮᠡᠭᠡᠨ – ᠳ᠋᠂ ᠨᠠᠮᠲᠠᠭ- ᠴᠠᠭ ᠲᠥᠷᠥ ᠶᠢᠨ ᠦᠢᠮᠡᠭᠡᠨ᠂ᠭᠤᠷᠪᠠᠳᠤᠭᠠᠷ ᠪᠦᠯᠦᠭ 〔ᠠᠷᠪᠠᠨ ᠳᠥᠷᠪᠡ〕 Цаг төрийн үймээн – Д ᠂ Намдаг - Цаг төрийн үймээн ᠂ гуравдугаар бүлэг -14
ᠠᠩᠭᠢᠯᠠᠯ:ᠲᠤᠭᠤᠵᠢ ᠷᠣᠮᠠᠨТоож роман 2026-02-06
133
《ᠬᠠ ᠬᠠ》 ᠳᠠᠮᠫᠢᠯ ᠮᠠᠨᠵᠤ ᠭᠦᠷᠦᠨ ᠦ᠌ ᠡᠵᠡᠯᠡᠭᠰᠡᠨ ᠪᠦᠬᠦ ᠤᠯᠤᠰ ᠣᠷᠣᠨ ᠤ᠋ ᠪᠠᠷᠠᠭᠤᠨ ᠬᠣᠢᠲᠤ ᠬᠢᠵᠠᠭᠠᠷ ᠰᠢᠨᠵᠢᠶᠠᠩ ᠮᠣᠵᠢ ᠪᠣᠯ ᠪᠠᠷᠠᠭᠤᠨ ᠮᠣᠩᠭᠣᠯ ᠣᠢᠷᠠᠳ ᠤ᠋ᠨ ᠤᠤᠭᠠᠨ ᠨᠤᠲᠤᠭ ᠪᠢᠯᠡ᠃ ᠭᠠᠵᠠᠷ ᠣᠷᠣᠨ ᠤ᠋ ᠬᠢᠨᠢ ᠠᠭᠤᠷ ᠠᠮᠢᠰᠬᠤᠯ ᠮᠠᠰᠢ ᠰᠠᠢᠬᠠᠨ᠃ ᠪᠠᠷᠠᠭᠤᠨ ᠠ᠋ᠴᠠ ᠨᠢ ᠤᠷᠢᠬᠠᠨ ᠰᠠᠯᠬᠢ ᠦᠷᠭᠦᠯᠵᠢᠯᠡᠨ ᠰᠡᠪᠡᠯᠵᠡᠵᠦ᠂ ᠭᠠᠳᠠᠭᠠᠳᠤ ᠶᠡᠬᠡ ᠳᠠᠯᠠᠢ ᠲᠠᠩᠭᠢᠰ ᠤ᠋ᠨ ᠠᠭᠤᠷ ᠠᠪᠴᠢᠷᠠᠨ ᠬᠤᠷ᠎ᠠ ᠪᠣᠷᠣᠭ᠎ᠠ ᠪᠠᠷ ᠬᠠᠩᠭᠠᠨ᠎ᠠ᠃ ᠬᠥᠷᠥᠰᠥ ᠰᠢᠷᠣ...