ᠴᠠᠭ ᠲᠥᠷᠥ ᠶᠢᠨ ᠦᠢᠮᠡᠭᠡᠨ – ᠳ᠋᠂ ᠨᠠᠮᠲᠠᠭ- ᠴᠠᠭ ᠲᠥᠷᠥ ᠶᠢᠨ ᠦᠢᠮᠡᠭᠡᠨ᠂ᠬᠣᠶᠠᠳᠤᠭᠠᠷ ᠪᠦᠯᠦᠭ 〔ᠠᠷᠪᠠᠨ ᠳᠣᠯᠣᠭ᠎ᠠ〕 Цаг төрийн үймээн – Д ᠂ Намдаг - Цаг төрийн үймээн ᠂ хоёрдугаар бүлэг -17
ᠠᠩᠭᠢᠯᠠᠯ:ᠲᠤᠭᠤᠵᠢ ᠷᠣᠮᠠᠨТоож роман 2025-12-12
149
ᠥᠩᠭᠡᠷᠡᠭᠰᠡᠨ ᠪᠠᠭᠠᠲᠤᠷ ᠤᠨ ᠠᠷᠤ ᠳᠤ ᠦᠯᠡᠳᠡᠭᠰᠡᠳ ᠨᠢᠭᠡ ᠬᠥᠮᠦᠨ ᠳᠠᠭᠤᠳᠠᠭᠳᠠᠨ ᠪᠠᠢᠴᠠᠭᠠᠯᠲᠠ ᠳ᠋ᠤ᠌ ᠶᠠᠪᠤᠯ᠎ᠠ᠃ ᠳᠠᠷᠠᠭ᠎ᠠ ᠨᠢ ᠪᠠᠰᠠ ᠨᠢᠭᠡ ᠬᠥᠮᠦᠨ ᠶᠠᠪᠤᠯ᠎ᠠ᠃ ᠨᠢᠭᠡ ᠰᠥᠨᠢ ᠥᠩᠭᠡᠷᠡᠵᠦ᠂ ᠨᠢᠭᠡ ᠡᠳᠦᠷ ᠡᠬᠢᠯᠡᠭᠰᠡᠭᠡᠷ ᠬᠥᠮᠦᠰ ᠢᠷᠡᠬᠦ ᠤᠳᠠᠭ᠎ᠠ ᠳᠠᠷᠠᠭ᠎ᠠ ᠪᠠᠷ ᠳᠠᠭᠤᠳᠠᠭᠳᠠᠨ ᠶᠠᠪᠤᠭᠠᠳ ᠣᠷᠣᠢ ᠶᠣᠣᠯᠠᠨ ᠢᠨᠴᠠᠭᠯᠠᠨ ᠡᠭᠡᠵᠦ ᠢᠷᠡᠨ᠎ᠡ᠃ ᠡᠨᠡ ᠪᠣᠯ ᠡᠳᠦᠷ ᠳᠣᠳᠣᠮ ᠤ᠋ᠨ ᠬᠡᠪ ᠦ᠋ᠨ ᠶᠠᠪᠤᠳᠠᠯ᠃ ᠭᠡᠪᠡᠴᠦ ᠬᠥᠮᠦᠰ ᠣᠳᠣ ᠪᠡᠶ᠎ᠡ ᠪᠡᠶ...